ᠵᠠᠯᠠᠨ ᠠᠶᠢᠯ ᠬᠤᠲᠠ ᠶᠢᠨ ᠰᠣᠶᠣᠯ ᠤᠨ ᠣᠷᠳᠣᠨ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠠᠶ᠎ᠡ ᠶᠢᠨ ᠲᠠᠮᠢᠷ ᠤᠨ ᠴᠤᠭᠯᠠᠭᠠᠨ ᠢ ᠤᠭᠲᠤᠬᠤ · ᠰᠢᠨ᠎ᠡ ᠵᠢᠯ ᠤᠨ ᠰᠢᠨ᠎ᠡ ᠶᠢᠨ ᠨᠢᠭᠡᠨ ᠢ ᠪᠡᠯᠭᠡᠯᠡᠬᠦ︾ ᠵᠢᠴᠢ ︽ᠪᠢᠷ ᠪᠡᠬᠡᠰ ᠢ ᠰᠣᠨᠢᠷᠬᠠᠬᠤ · ᠬᠢᠲᠠᠳ ᠥᠰᠥᠭ ᠤᠨ ᠭᠤᠸ᠎ᠠ ᠰᠠᠶᠢᠬᠠᠨ ᠢ ᠰᠣᠨᠢᠷᠬᠠᠬᠤ︾ ᠤᠷᠠᠨ ᠪᠢᠴᠢᠯᠭᠡ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/28
    ᠣᠶᠢᠷ᠎ᠠ ᠳᠤ᠂ ᠬᠤᠲᠠ ᠶᠢᠨ ᠰᠣᠶᠣᠯ ᠤᠨ ᠣᠷᠳᠣᠨ ᠤᠷᠠᠨ ᠪᠢᠴᠢᠯᠭᠡ ᠶᠢᠨ ᠪᠠᠭᠰᠢ ᠵᠢᠴᠢ ᠳᠤᠷ᠎ᠠ ᠪᠠᠭ᠋ᠠᠲᠠᠶ ᠬᠥᠮᠦᠰ ᠢ ᠵᠣᠬᠢᠶᠠᠨ ᠪᠠᠶᠢᠭᠤᠯᠵᠤ ᠭᠤᠣ ᠲᠠᠢ ᠽᠢ ᠵᠡᠭᠡᠯᠢ ᠭᠤᠳᠤᠮᠵᠢ ᠶᠢᠨ ᠰᠢᠬᠢᠷ ᠤᠨ ᠦᠢᠯᠡᠳᠪᠦᠷᠢ ᠶᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠠᠶ᠎ᠡ ᠶᠢᠨ ᠲᠠᠮᠢᠷ ᠤᠨ ᠴᠤᠭᠯᠠᠭᠠᠨ ᠢ ᠤᠭᠲᠤᠬᠤ · ᠰᠢᠨ᠎ᠡ ᠵᠢᠯ ᠢ ᠪᠡᠯᠭᠡᠯᠡᠬᠦ︾ ᠵᠢᠴᠢ ︽ᠪᠢᠷ ᠪᠡᠬᠡᠰ ᠢ ᠰᠣᠨᠢᠷᠬᠠᠬᠤ · ᠬᠢᠲᠠᠳ ᠥᠰᠥᠭ ᠤᠨ ᠭᠤᠸ᠎ᠠ ᠰᠠᠶᠢᠬᠠᠨ ᠢ ᠰᠣᠨᠢᠷᠬᠠᠬᠤ︾ ᠤᠷᠠᠨ ᠪᠢᠴᠢᠯᠭᠡ ᠶᠢᠨ ᠭᠤᠤᠯ ᠰᠡᠳᠦᠪᠲᠦ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠷᠠᠨ ᠪᠢᠴᠢᠯᠭᠡ ᠶᠢᠨ ᠪᠠᠭᠰᠢ ᠪᠢᠷ ᠪᠡᠬᠡᠰ ᠢᠶᠠᠷ ᠪᠢᠯᠬᠠᠵᠤ᠂ ᠪᠡᠭᠡ ᠶᠢᠨ ᠦᠨᠦᠷ ᠬᠠᠩᠬᠤᠯᠵᠤ᠂ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠬᠤᠣᠰ ᠤᠶᠠᠩᠭ᠎ᠠ᠂ ᠰᠢᠨ᠎ᠡ ᠵᠢᠯ ᠢ ᠪᠡᠯᠭᠡᠳᠡᠭᠰᠡᠨ ᠪᠤᠶᠠᠨ ᠤ ᠦᠰᠦᠭ ᠤᠳ ᠴᠠᠭᠠᠰᠤᠨ ᠳᠡᠭᠡᠷ᠎ᠡ ᠬᠠᠷᠠᠶᠢᠵᠤ᠂ ᠤᠯᠠᠭᠠᠨ ᠬᠤᠣᠰ ᠤᠶᠠᠩᠭ᠎ᠠ ᠪᠣᠯᠤᠨ ᠪᠤᠶᠠᠨ ᠤ ᠦᠰᠦᠭ ᠤᠳ ᠪᠡᠭᠡ ᠶᠢᠨ ᠦᠨᠦᠷ ᠬᠠᠩᠬᠤᠯᠵᠤ᠂ ᠬᠥᠮᠦᠰ ᠤᠨ ᠰᠢᠨ᠎ᠡ ᠵᠢᠯ ᠤᠨ ᠲᠤᠬᠠᠢ ᠬᠦᠰᠡᠯ ᠡᠷᠡᠮᠡᠯᠵᠡᠯ ᠢ ᠢᠯᠡᠳᠬᠡᠵᠦ᠂ ᠰᠢᠨ᠎ᠡ ᠵᠢᠯ ᠢ ᠤᠭᠲᠤᠵᠤ ᠪᠤᠶᠠᠨ ᠢ ᠬᠤᠷᠢᠶᠠᠬᠤ᠂ ᠵᠣᠯ ᠵᠢᠷᠭᠠᠯᠲᠤ ᠠᠮᠢᠳᠤᠷᠠᠯ ᠢ ᠬᠦᠰᠡᠨ ᠡᠷᠡᠮᠡᠯᠵᠡᠬᠦ ᠰᠠᠶᠢᠨ ᠰᠠᠶᠢᠬᠠᠨ ᠬᠦᠰᠡᠯ ᠡᠷᠡᠮᠡᠯᠵᠡᠯ ᠢ ᠳᠠᠮᠵᠢᠭᠤᠯᠵᠤ ᠪᠠᠶᠢᠯ᠎ᠠ᠃  ᠰᠣᠶᠣᠯ ᠤᠨ ᠣᠷᠳᠣᠨ ᠪᠣᠯᠤᠨ ᠨᠡᠶᠢᠭᠡᠮ ᠲᠣᠭᠤᠷᠢᠭ ᠤᠨ ᠺᠠᠲᠡᠷᠴᠤᠳ ᠴᠠᠭᠠᠨ ᠰᠠᠷ᠎ᠠ ᠶᠢᠨ ᠬᠤᠣᠰ ᠤᠶᠠᠩᠭ᠎ᠠ᠂ ᠪᠤᠶᠠᠨ ᠤ ᠦᠰᠦᠭ ᠢ ᠪᠢᠴᠢᠭᠰᠡᠨ ᠲᠤᠬᠠᠶ ᠶᠢᠨ ᠲᠠᠯᠠᠪᠠᠶ ᠶᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠲᠠᠷᠬᠠᠭᠠᠨ ᠥᠭᠭᠦᠭᠰᠡᠨ ᠪᠥᠭᠡᠳ ᠬᠠᠮᠤᠭ ᠤᠨ ᠴᠢᠩ ᠰᠡᠳᠬᠢᠯ ᠤᠨ ᠮᠡᠨᠳᠦᠴᠢᠯᠡᠯ ᠬᠦᠷᠭᠡᠵᠦ᠂ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠠᠶ᠎ᠡ ᠶᠢᠨ ᠲᠠᠮᠢᠷ ᠤᠨ ᠴᠤᠭᠯᠠᠭᠠᠨ ︾ ᠢ ᠪᠠᠶᠠᠷᠯᠠᠨ ᠤᠭᠲᠤᠬᠤ ᠬᠠᠯᠠᠭᠤᠨ ᠳᠤᠯᠠᠭᠠᠨ ᠰᠣᠶᠣᠯ ᠤᠨ ᠠᠭᠤᠷ ᠠᠮᠢᠰᠬᠤᠯ ᠢ ᠪᠤᠶ ᠪᠣᠯᠭᠠᠭᠰᠠᠨ ᠪᠠᠶᠢᠨ᠎ᠠ᠃      ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠭᠰᠠᠨ ᠮᠥᠷᠲᠡᠭᠡᠨ ᠪᠠᠰᠠ ᠥᠷᠭᠡᠨ ᠤᠯᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠠᠷᠠᠳ ᠤᠯᠠᠨ ᠤ ᠰᠣᠶᠣᠯ ᠤᠨ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠪᠡ᠃ ᠡᠭᠦᠨ ᠤ ᠬᠠᠮᠲᠤ ᠪᠠᠰᠠ ᠪᠣᠯᠪᠠᠰᠤᠨ ᠤ ᠦᠢᠯᠡᠳᠦᠯᠭᠡ ᠪᠠᠷ ᠰᠠᠶᠢᠨ ᠳᠤᠷ᠎ᠠ ᠶᠢᠨ ᠦᠢᠯᠡᠴᠢᠯᠡᠭᠡ ᠶᠢ ᠬᠠᠯᠠᠮᠵᠢᠯᠠᠨ ᠬᠠᠶᠢᠷᠠᠯᠠᠬᠤ ᠶᠢ ᠦᠢᠯᠡᠳᠦᠯᠭᠡᠵᠢᠭᠦᠯᠵᠦ᠂ ᠦᠨᠡᠨ ᠰᠡᠳᠬᠢᠯ ᠠᠴᠠ ᠪᠠᠨ ᠤᠯᠠᠨ ᠲᠦᠮᠡᠨ ᠳᠤ ︽ᠰᠠᠶᠢᠨ ᠶᠠᠪᠤᠳᠠᠯ ᠬᠢᠵᠦ᠂ ᠪᠣᠳᠠᠲᠠᠢ ᠶᠠᠪᠤᠳᠠᠯ ᠬᠢᠵᠦ︾᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠲᠦᠭ ᠲᠦᠮᠡᠨ ᠠᠶᠢᠯ ᠡᠷᠦᠬᠡ ᠳᠤ ᠤᠯᠠᠮᠵᠢᠯᠠᠭᠰᠠᠨ ᠪᠠᠶᠢᠨ᠎ᠠ᠃ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠠᠶ᠎ᠡ ᠶᠢᠨ ᠲᠠᠮᠢᠷ ᠤᠨ ᠴᠤᠭᠯᠠᠭᠠᠨ  ᠤ ᠢᠯᠠᠯᠲᠠ ᠲᠠᠢ ᠪᠠᠷ ᠬᠤᠷᠠᠯᠳᠤᠬᠤ᠂ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠠᠪᠤᠳᠠᠯ ᠢ ᠤᠯᠠᠮ ᠨᠢᠭᠡ ᠠᠯᠬᠤᠮ ᠠᠬᠢᠭᠤᠯᠵᠤ᠂ ᠣᠯᠠᠨ ᠲᠦᠮᠡᠨ ᠤ ᠰᠣᠶᠣᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ