ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 2023 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠯᠭᠠᠨ ᠠᠪᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/12/4
    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠦᠲᠦᠮᠵᠢᠲᠡᠢ ᠵᠣᠯᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠯᠭᠠᠨ ᠠᠪᠬᠤ ᠠᠵᠢᠯ ᠤᠨ ᠳᠤᠭᠤᠶᠢᠯᠠᠩ ᠪᠠᠶᠢᠭᠤᠯᠵᠤ᠂ 10 ᠰᠠᠷ᠎ᠠ ᠶᠢᠨ 30 ᠤ ᠡᠳᠦᠷ ᠠᠴᠠ ᠡᠬᠢᠯᠡᠨ 12 ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ 2023 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠲᠤᠬᠠᠶ ᠶᠢᠨ ᠭᠠᠵᠠᠷ ᠲᠤᠨᠢ ᠰᠢᠯᠭᠠᠨ ᠠᠪᠬᠤ ᠠᠵᠢᠯ ᠥᠷᠨᠢᠭᠦᠯᠪᠡ᠃     ᠡᠨᠡ ᠵᠢᠯ᠂ ᠣᠷᠣᠨ ᠨᠤᠲᠤᠭ ᠤᠨ 86 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠳᠤ ᠣᠷᠣᠭᠤᠯᠵᠤ᠂ ᠰᠢᠯᠭᠠᠨ ᠠᠪᠬᠤ ᠠᠵᠢᠯ ᠤᠨ ᠳᠤᠭᠤᠶᠢᠯᠠᠩ ᠤᠨ ᠬᠢᠨ ᠥᠭᠡᠷᠡᠴᠢᠯᠡᠬᠦ ᠡᠷᠦᠬᠡ ᠶᠢᠨ ᠡᠬᠡ ᠳᠠᠩᠰᠠ ᠶᠢ ᠦᠨᠳᠦᠰᠦᠯᠡᠨ ᠭᠠᠴᠠᠭ᠎ᠠ ᠳᠤᠭᠤᠶᠢᠯᠠᠩ ᠪᠣᠯᠤᠨ ᠲᠦᠭᠰᠢᠭᠦᠷᠢ ᠲᠠᠢ ᠥᠭᠡᠷᠡᠴᠢᠯᠡᠬᠦ ᠡᠷᠦᠬᠡ ᠶᠢᠨ ᠭᠡᠷ ᠲᠤ ᠭᠦᠨᠵᠡᠭᠡᠶᠢᠷᠡᠵᠦ᠂ ᠰᠢᠨ᠎ᠡ ᠪᠠᠷ ᠪᠠᠷᠢᠭᠰᠠᠨ ᠬᠡᠷ ᠪᠠᠶᠢᠰᠢᠩ ᠤᠨ ᠶᠠᠰᠤ ᠴᠢᠨᠠᠷ ᠵᠢᠴᠢ ᠭᠠᠵᠠᠷ ᠬᠥᠳᠡᠯᠦᠯᠲᠡ ᠶᠢ ᠳᠠᠭᠠᠭᠠᠬᠤ ᠱᠠᠭᠠᠷᠳᠠᠯᠭ᠎ᠠ ᠳᠤ ᠭᠦᠷᠦᠭᠰᠡᠨ ᠡᠰᠡᠬᠦ᠂ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠡᠰᠡᠬᠦ ᠵᠡᠷᠭᠡ ᠳᠤ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ ᠶᠢᠨ ᠬᠠᠮᠲᠤ᠂ ᠠᠶᠤᠯ ᠲᠦᠭᠰᠢᠭᠦᠷᠢ ᠲᠠᠢ ᠬᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤᠨᠢ ᠠᠶᠤᠯ ᠲᠦᠭᠰᠢᠭᠦᠷᠢ ᠲᠠᠢ ᠬᠡᠷ ᠪᠠᠶᠢᠰᠢᠩ ᠤᠨ ᠥᠭᠡᠷᠡᠴᠢᠯᠡᠯᠲᠡ ᠶᠢᠨ ᠡᠷᠦᠬᠡ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠡᠯ᠎ᠡ ᠰᠢᠶᠠᠩ ᠪᠠᠯᠭᠠᠰᠤ ᠶᠢ ᠲᠠᠩᠰᠠ ᠡᠪᠬᠡᠮᠡᠯ ᠤᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃    ᠣᠲᠣ ᠪᠣᠯᠲᠠᠯ᠎ᠠ᠂ ᠰᠢᠯᠭᠠᠨ ᠠᠪᠬᠤ ᠳᠤ ᠬᠢᠷᠢ ᠲᠡᠩᠴᠡᠭᠰᠡᠨ 58 ᠡᠷᠦᠬᠡ᠂ ᠰᠢᠯᠭᠠᠨ ᠠᠪᠬᠤ ᠳᠤ ᠬᠢᠷᠢ ᠲᠡᠩᠴᠡᠭᠰᠡᠨ ᠥᠬᠡᠶ 17 ᠡᠷᠦᠬᠡ ᠪᠠᠶᠢᠵᠤ᠂ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠲᠠᠷᠢᠶᠠᠴᠢᠨ ᠡᠷᠦᠬᠡ ᠶᠢᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠨᠡᠯᠢᠶᠡᠳ ᠥᠨᠳᠥᠷ ᠪᠠᠶᠢᠨ᠎ᠠ᠃ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠴᠢᠩᠭ᠎ᠠ ᠵᠢᠷᠤᠮᠵᠢᠭᠤᠯᠤᠨ ᠬᠡᠷᠡᠭᠵᠢᠭᠦᠯᠬᠦ ᠪᠠᠷ ᠳᠠᠮᠵᠢᠭᠤᠯᠤᠨ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠪᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ