ᠣᠶᠢᠷ᠎ᠠ ᠳᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠰᠠᠬᠢᠯᠭ᠎ᠠ ᠪᠠᠲᠤ ᠬᠢᠨᠠᠨ ᠪᠠᠶᠢᠴᠠᠭᠠᠬᠤ ᠰᠠᠨᠠᠭᠤᠯᠭ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠢ | ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠡᠮᠦᠨᠡᠬᠢ ᠬᠤᠭᠤᠴᠠᠭᠠᠨ ᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠢ | ᠡᠮᠬᠢᠯᠡᠨ ᠵᠠᠳᠠᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠴᠡᠭᠴᠡᠯᠡᠨ ᠥᠭᠡᠷᠡᠴᠢᠯᠡᠬᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠵᠠᠩᠭᠢᠯᠠᠭ᠎ᠠ ᠶᠢᠨ ᠠᠵᠢᠯ ᠤᠨ ᠪᠠᠶᠢᠷᠢ᠂ ᠣᠷᠣᠰᠢᠭᠤᠯᠭ᠎ᠠ ᠶᠢᠨ ᠦᠢᠯᠡᠴᠢᠯᠡᠭᠡᠨ ᠤ | ᠲᠥᠪ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠡᠬᠡ ᠲᠠᠩᠰᠠ ᠪᠠᠶᠢᠭᠤᠯᠵᠤ᠂ ᠬᠤᠪᠢ ᠬᠥᠮᠦᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ | ᠲᠦᠭᠰᠢᠭᠦᠷᠢ ᠶᠢᠨ ᠴᠡᠭ ᠵᠢᠴᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠴᠢᠭᠯᠡᠭᠦᠯᠦᠨ᠂ ᠬᠤᠷᠠᠯ ᠳᠡᠭᠡᠷ᠎ᠡ ᠬᠠᠮᠢᠶ᠎ᠠ ᠪᠥᠬᠦᠶ ᠬᠥᠮᠦᠰ ᠲᠤᠬᠠᠶ ᠶᠢᠨ | ᠲᠠᠯᠠᠪᠤᠷ ᠲᠤ ᠭᠠᠷ ᠤᠨ ᠥᠰᠥᠭ ᠵᠢᠷᠤᠬᠤ ᠶᠢ ᠨᠤᠲᠠᠯᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ᠂ ᠬᠡᠷᠡᠭ ᠭᠦᠢᠴᠡᠳᠭᠡᠬᠦ ᠵᠢᠷᠤᠮ᠂ ᠭᠥᠯᠢᠶᠡᠨ ᠠᠪᠬᠤ | ᠦᠢᠯᠡᠴᠢᠯᠡᠭᠡᠨ ᠤ ᠠᠷᠭ᠎ᠠ ᠮᠠᠶ᠋ᠢᠭ ᠵᠡᠷᠭᠡ ᠲᠠᠯ᠎ᠠ ᠪᠠᠷ ᠨᠠᠩ ᠢᠯᠡ ᠲᠣᠳᠣ᠂ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠵᠤ᠂ ︽ᠢᠳᠡᠬᠦ᠂ ᠠᠪᠬᠤ᠂ ᠭᠠᠴᠢᠬᠤ᠂ | ᠠᠪᠬᠤ︾ ᠵᠡᠷᠭᠡ ᠲᠥᠪ ᠪᠤᠰᠤ ᠰᠤᠷᠲᠠᠯ ᠡᠭᠦᠰᠬᠦ ᠶᠢ ᠲᠠᠰᠤ ᠬᠤᠷᠢᠭᠯᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠡᠭᠦᠨ ᠤ ᠬᠠᠮᠲᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠣᠷᠣᠰᠢᠭᠤᠯᠭ᠎ᠠ ᠶᠢᠨ | ᠦᠢᠯᠡᠴᠢᠯᠡᠭᠡᠨ ᠤ ᠲᠥᠪ ᠤᠨ ᠪᠦᠬᠦ ᠨᠠᠮ ᠤᠨ ᠭᠡᠰᠢᠭᠦᠳ ︽ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠶᠢᠨ ᠠᠮᠠᠯᠠᠯᠲᠠ ᠶᠢᠨ ᠪᠢᠴᠢᠭ︾ ᠲᠤ ᠭᠠᠷ ᠤᠨ | ᠦᠰᠦᠭ ᠵᠢᠷᠤᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠠᠵᠢᠯᠲᠠᠨ ᠠᠵᠢᠯᠴᠢᠨ ᠠᠵᠢᠯ ᠤᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠰᠡᠳᠬᠢᠯ ᠨᠢᠭᠡᠳᠦᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ | ᠳᠣᠲᠣᠭᠠᠳᠤ ᠶᠢᠨ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠦᠢᠯᠡᠴᠢᠯᠡᠭᠡᠨ ᠤ ᠴᠣᠩᠬᠤᠨ ᠤ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠨ᠂ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠵᠢᠱᠢᠭᠰᠡᠨ | ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ | ᠬᠤᠷᠠᠯ ᠠᠴᠠ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠵᠦ᠂ ᠲᠥᠪ ᠤᠨ ᠪᠥᠬᠦ ᠠᠵᠢᠯᠲᠠᠨ ᠠᠵᠢᠯᠴᠢᠨ ᠢ ᠠᠵᠢᠯ ᠤᠨ ᠬᠤᠪᠢᠶᠠᠷᠢᠯᠠᠯ ᠤᠨ | ᠲᠣᠬᠢᠷᠠᠭᠤᠯᠤᠯᠲᠠ ᠪᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠦᠨᠳᠦᠰᠦᠯᠡᠨ ᠪᠣᠳᠠᠲᠠᠶ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠴᠡᠭᠴᠡᠯᠡᠨ | ᠰᠠᠶᠢᠵᠢᠷᠠᠭᠤᠯᠬᠤ ᠠᠵᠢᠯ ᠤᠨ ᠡᠭᠦᠷᠭᠡ ᠲᠠᠢ ᠬᠠᠷᠢᠴᠠᠭᠤᠯᠤᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠠᠬᠢᠴᠠ ᠪᠠᠨ ᠲᠣᠳᠣᠷᠬᠠᠶᠢᠯᠠᠵᠤ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ |