ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ ︾  ᠤ ᠮᠥᠰᠥ ᠴᠠᠰᠤᠨ ᠤ ᠮᠡᠳᠡᠯᠭᠡ ᠶᠢᠨ ᠪᠣᠯᠪᠠᠰᠤᠷᠠᠭᠤᠯᠤᠯ ᠡᠷᠭᠢᠯᠡᠪᠡ
ᠨᠡᠶᠢᠲᠡᠯᠡᠭᠰᠡᠨ ᠴᠠᠭ᠄
2023/12/4
    ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ ︾  ᠢᠶᠠᠷ ᠳᠡᠮᠵᠢᠵᠦ᠂ ︽ᠨᠢᠭᠡ ᠬᠤᠷᠠᠯ ᠢ ᠰᠠᠶᠢᠲᠤᠷ ᠡᠷᠬᠢᠯᠡᠵᠦ᠂ ᠨᠢᠭᠡ ᠬᠤᠳᠠ ᠶᠢ ᠳᠡᠭᠡᠭᠰᠢᠯᠡᠭᠦᠯᠬᠦ︾ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠰᠤᠷᠭᠠᠭᠤᠯᠢ ᠶᠢᠨ ᠬᠦᠷᠢᠶᠡᠨ ᠳᠠᠬᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠤᠢᠢᠷ᠎ᠠ ᠳᠤ᠂ ᠵᠠᠯᠠᠨ ᠠᠶᠢᠯ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠬᠥᠯᠥᠨ ᠪᠤᠶᠢᠷ ᠲᠠᠢ ᠪᠣᠯᠵᠣᠵᠤ ᠦᠵᠡᠰᠬᠦᠯᠡᠩᠲᠦ ᠰᠠᠶᠢᠬᠠᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠬᠠᠮᠲᠤᠪᠠᠷ ᠡᠳ᠋ᠯᠡᠶ᠎ᠡ︾ ᠭᠡᠬᠦ ᠭᠤᠣᠯ ᠰᠡᠳᠦᠪ ᠢᠶᠠᠷ ᠬᠤᠶᠠᠷ ᠬᠤᠭᠤᠴᠠᠭᠠᠨ ᠤ ᠮᠥᠰᠥ ᠴᠠᠰᠤᠨ ᠤ ᠮᠡᠳᠡᠯᠭᠡ ᠶᠢᠨ ᠪᠣᠯᠪᠠᠰᠤᠷᠠᠯ ᠢ ᠡᠷᠬᠢᠯᠡᠪᠡ᠃    ᠯᠧᠺᠲ᠋ᠣᠷ ᠪᠡᠶ᠎ᠡ ᠶᠢᠨ ᠲᠠᠮᠢᠷ ᠤᠨ ᠪᠠᠭᠰᠢ ᠨᠠᠷ ᠲᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠮᠡᠳᠡᠯᠭᠡ᠂ ᠮᠥᠰᠥ ᠴᠠᠰᠤᠨ ᠤ ᠰᠣᠶᠣᠯ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠦᠷᠦᠯ ᠵᠦᠢᠯ᠂ ᠥᠯᠵᠡᠶᠢᠲᠦ ᠠᠮᠢᠲᠠᠨ᠂ ᠭᠠᠯ ᠪᠠᠮᠪᠠᠷ᠂ ᠴᠠᠰᠤᠨ ᠪᠠᠶᠢᠯᠳᠤᠭᠠᠨ ᠵᠡᠷᠭᠡ ᠬᠠᠮᠢᠶ᠎ᠠ ᠪᠦᠬᠦᠢ ᠮᠡᠳᠡᠯᠭᠡ ᠶᠢ ᠪᠣᠯᠪᠠᠰᠤᠷᠠᠭᠤᠯᠵᠤ ᠥᠭᠴᠡᠢ᠃ ᠪᠣᠯᠪᠠᠰᠤᠷᠠᠯ ᠳᠤ ᠣᠷᠣᠯᠴᠠᠭᠰᠠᠨ ᠪᠦᠬᠦ ᠪᠠᠭᠰᠢ ᠨᠠᠷ ᠬᠠᠷᠢᠯᠴᠠᠨ ᠰᠤᠷᠤᠯᠴᠠᠵᠤ᠂ ᠲᠤᠷᠰᠢᠯᠭ᠎ᠠ ᠪᠠᠨ ᠰᠣᠯᠢᠯᠴᠠᠵᠤ᠂ ᠮᠡᠳᠡᠯᠭᠡ ᠪᠠᠨ ᠰᠢᠨᠡᠳᠬᠡᠵᠦ᠂ ᠬᠠᠷᠠᠭ᠎ᠠ ᠪᠠᠨ ᠥᠷᠭᠡᠳᠬᠡᠪᠡ᠃    ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ  ︾ ᠤ ᠣᠶᠢᠷᠠᠳᠬᠤ ᠶᠢ ᠳᠠᠭᠠᠯᠳᠤᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠠᠭᠤᠷ ᠠᠮᠢᠰᠬᠤᠯ ᠨᠢᠭᠡᠨᠲᠡ ᠤᠯᠠᠮ ᠠᠴᠠ ᠤᠯᠠᠮ ᠥᠳᠬᠡᠷᠡᠪᠡ᠃ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ  ︾  ᠤ ᠪᠡᠯᠡᠳᠬᠡᠯ ᠠᠵᠢᠯ ᠲᠠᠢ ᠨᠢᠭᠲᠠ ᠤᠶᠠᠯᠳᠤᠭᠤᠯᠤᠨ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠯᠧᠮᠧᠨ᠋ᠲ ᠢ ᠡᠯ᠎ᠡ  ᠵᠦᠢᠯ ᠤᠨ ᠠᠵᠢᠯᠯᠠᠭ᠎ᠠ ᠳᠤ ᠠᠭᠤᠰᠬᠠᠨ ᠣᠷᠣᠭᠤᠯᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠳᠠᠮᠵᠢᠭᠤᠯᠤᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠰᠣᠨᠢᠷᠬᠠᠯᠲᠤ ᠤᠷᠤᠯᠳᠤᠭᠠᠨ᠂ ᠤᠷ᠎ᠠ ᠮᠡᠷᠭᠡᠵᠢᠯ ᠤᠨ ᠪᠣᠯᠪᠠᠰᠤᠷᠠᠭᠤᠯᠤᠯ᠂ ᠲᠤᠰᠬᠠᠶ ᠮᠡᠷᠭᠡᠵᠢᠯ ᠤᠨ ᠲᠠᠶᠢᠯᠤᠮᠵᠢ ᠵᠡᠷᠭᠡ ᠬᠡᠯᠪᠡᠷᠢ ᠪᠠᠷ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠨᠣᠯᠵᠢᠬᠤᠨ ᠢ ᠳᠤᠷ᠎ᠠ ᠪᠠᠭ᠋ᠠᠲᠠᠶ ᠬᠥᠮᠦᠨ ᠨᠢᠭᠡᠪᠦᠷᠢ ᠳᠤ ᠤᠯᠠᠮᠵᠢᠯᠠᠨ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠪᠠᠭᠰᠢ ᠰᠤᠷᠤᠭᠴᠢᠳ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠦᠵᠡᠭᠦᠯᠬᠦ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ  ︾  ᠤ ᠳᠠᠶᠢᠴᠢᠯᠠᠬᠤ  ᠦᠢᠯᠡᠳᠥᠯ ᠢ  ᠭᠦᠢᠴᠡᠳ ᠪᠠᠳᠠᠷᠠᠭᠤᠯᠵᠤ᠂ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ  ︾ ᠢ ᠪᠠᠶᠠᠷᠯᠠᠨ ᠤᠭᠲᠤᠬᠤ᠂ ︽ᠠᠷᠪᠠᠨ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠤᠷᠤᠯᠳᠤᠭᠠᠨ ︾ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠦᠨᠡᠨᠬᠦ ᠪᠣᠶ ᠪᠣᠯᠭᠠᠬᠤ ᠬᠡᠷᠡᠭᠲᠡᠶ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠵᠢᠨ‌ᠤᠷᠳᠤᠨ