ᠵᠠᠯᠠᠨ ᠠᠶᠢᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ︵ᠨᠢᠭᠡᠳᠦᠭᠡᠷ ᠪᠦᠯᠦᠭ︶ ᠰᠢᠯᠭᠠᠯᠲᠠ ᠶᠢᠨ ᠬᠢᠷᠢ ᠪᠦᠲᠦᠮᠵᠢ ᠵᠢᠴᠢ ᠪᠡᠶ᠎ᠡ ᠶᠢᠨ ᠪᠠᠶᠢᠴᠠᠭᠠᠯᠲᠠ ᠶᠢᠨ ᠶᠠᠪᠤᠳᠠᠯ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/12/4
    ︽ᠵᠠᠯᠠᠨ ᠠᠶᠢᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠠᠯᠪᠠᠨ ᠵᠠᠷ︾ ᠤᠨ ᠲᠣᠭᠲᠠᠭᠠᠯ ᠢ ᠦᠨᠳᠦᠰᠦᠯᠡᠨ᠂ ᠵᠠᠯᠠᠨ ᠠᠶᠢᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ︵ᠨᠢᠭᠡᠳᠦᠭᠡᠷ ᠪᠦᠯᠦᠭ︶ ᠰᠢᠯᠭᠠᠯᠲᠠ ᠶᠢᠨ ᠬᠢᠷᠢ ᠪᠦᠲᠦᠮᠵᠢ ᠵᠢᠴᠢ ᠪᠡᠶ᠎ᠡ ᠶᠢᠨ ᠪᠠᠶᠢᠴᠠᠭᠠᠯᠲᠠ ᠳᠤ ᠣᠷᠣᠭᠰᠠᠳ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠡᠳᠦᠭᠡ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠰᠢᠯᠭᠠᠯᠲᠠ ᠶᠢᠨ ᠬᠢᠷᠢ ᠪᠦᠲᠦᠮᠵᠢ ︵ᠳᠠᠭᠠᠯᠳᠤᠭᠤᠯᠤᠯ 1 ᠶᠢ ᠦᠵᠡ︶    ᠬᠤᠶᠠᠷ᠂ ᠰᠢᠯᠭᠠᠯᠲᠠ ᠶᠢᠨ ᠬᠢᠷᠢ ᠪᠦᠲᠦᠮᠵᠢ ᠶᠢ ᠪᠤᠳᠤᠬᠤ᠄    ᠰᠢᠯᠭᠠᠯᠲᠠ ᠶᠢᠨ ᠬᠢᠷᠢ ᠪᠦᠲᠦᠮᠵᠢ = ᠲᠤᠷᠰᠢᠨ ᠶᠠᠷᠢᠭᠰᠠᠨ ᠬᠢᠷᠢ ᠪᠦᠲᠦᠮᠵᠢ᠂ ᠰᠢᠯᠭᠠᠯᠲᠠ ᠶᠢᠨ ᠬᠢᠷᠢ ᠪᠦᠲᠦᠮᠵᠢ ᠨᠢ  ᠬᠤᠶᠠᠷ ᠠᠷᠪᠠᠲᠤ ᠶᠢᠨ ᠪᠤᠲᠠᠷᠬᠠᠶ ᠴᠡᠭ ᠢ ︵ᠲᠦᠷᠪᠡ ᠶᠢ ᠬᠠᠶᠠᠵᠤ ᠲᠠᠪᠤ ᠶᠢ ᠳᠡᠪᠰᠢᠭᠦᠯᠬᠦ︶ ᠦᠯᠡᠳᠡᠭᠡᠨ᠎ᠡ᠃    ᠬᠡᠯᠡ ᠪᠢᠴᠢᠭ ᠤᠨ ᠪᠠᠭᠰᠢ ᠶᠢᠨ ᠠᠵᠢᠯ ᠤᠨ ᠪᠠᠶᠢᠷᠢ ᠶᠢᠨ ᠰᠢᠯᠭᠠᠭᠤᠯᠤᠭᠴᠢ ᠶᠢᠨ ᠲᠤᠷᠰᠢᠨ ᠬᠢᠴᠢᠶᠡᠯᠯᠡᠬᠦ ᠬᠢᠷᠢ ᠪᠦᠲᠦᠮᠵᠢ ᠨᠢ ᠬᠢᠷᠢ ᠲᠡᠩᠴᠡᠭᠦ ᠬᠠᠮᠤᠭ ᠤᠨ ᠳᠣᠤᠷ᠎ᠠ ᠬᠤᠪᠢ ᠶᠢᠨ ᠱᠤᠭᠤᠮ ᠠᠴᠠ 70 ᠬᠤᠪᠢ ᠳᠣᠤᠷ᠎ᠠ ᠪᠠᠶᠢᠳᠠᠭ᠂ ︽ᠵᠠᠯᠠᠨ ᠠᠶᠢᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠠᠯᠪᠠᠨ ᠵᠠᠷ︾ ᠤᠨ ᠲᠣᠭᠲᠠᠭᠠᠯ ᠢ ᠦᠨᠳᠦᠰᠦᠯᠡᠪᠡᠯ᠂ ᠲᠠᠷᠠᠭᠠᠴᠢ ᠶᠢᠨ ᠵᠠᠩᠭᠢᠯᠠᠭ᠎ᠠ ᠳᠤ ᠣᠷᠣᠵᠤ ᠪᠣᠯᠬᠤ ᠥᠬᠡᠶ᠃    ᠭᠤᠷᠪᠠ᠂ ᠪᠡᠶ᠎ᠡ ᠶᠢᠨ ᠪᠠᠶᠢᠴᠠᠭᠠᠯᠲᠠ    ᠪᠡᠶ᠎ᠡ ᠶᠢᠨ ᠪᠠᠶᠢᠴᠠᠭᠠᠯᠲᠠ ᠳᠤ ᠣᠷᠣᠭᠰᠠᠳ 2023 ᠣᠨ ᠤ 12 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 8᠄ 00 ᠴᠠᠭ ᠠᠴᠠ ᠡᠮᠦᠨ᠎ᠡ ᠨᠡᠷ᠎ᠡ ᠮᠡᠳᠡᠭᠦᠯᠬᠦ ᠲᠠᠮᠠᠭ᠎ᠠ ᠳᠠᠷᠤᠭᠰᠠᠨ ︽ᠨᠡᠷ᠎ᠡ ᠮᠡᠳᠡᠭᠦᠯᠬᠦ ᠬᠦᠰᠦᠨᠦᠭᠲᠦ︾᠂ ᠲᠣᠰ ᠬᠥᠮᠦᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠬᠡᠷᠡᠯ ᠵᠢᠷᠤᠭ ︵ᠬᠤᠶᠠᠷ ᠢᠮᠠᠬᠤ ᠶᠢᠨ ᠮᠠᠯᠠᠭᠠᠶ ᠥᠬᠡᠶ︶ ᠢᠶᠠᠨ ᠠᠪᠴᠤ ᠵᠠᠯᠠᠨ ᠠᠶᠢᠯ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠰᠠᠯᠠᠭ᠎ᠠ ︵ᠳᠣᠲᠣᠷ ᠰᠠᠯᠠᠭᠠᠨ ᠤ ᠠᠰᠠᠷ ᠤᠨ 2 ᠳ᠋ᠤᠭᠠᠷ ᠠᠰᠠᠷ︶ ᠳᠤ ᠬᠦᠷᠴᠦ ᠪᠡᠶ᠎ᠡ ᠶᠢᠨ ᠪᠠᠶᠢᠴᠠᠭᠠᠯᠲᠠ ᠬᠢᠯᠭᠡᠨ᠎ᠡ᠃ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ 300 ᠲᠥᠭᠦᠷᠢᠭ ︵ᠰᠢᠯᠭᠠᠭᠤᠯᠤᠭᠴᠢ ᠥᠪᠡᠷ ᠢᠶᠠᠨ ᠬᠠᠷᠢᠭᠤᠴᠠᠨ᠎ᠠ︶᠃ ᠵᠦᠶ ᠶᠣᠰᠣᠨ ᠤ ᠰᠢᠯᠲᠠᠭᠠᠨ ᠥᠬᠡᠶ ᠪᠠᠷ ᠴᠠᠭ ᠲᠤᠬᠠᠶ ᠳᠤᠨᠢ ᠪᠡᠶ᠎ᠡ ᠶᠢᠨ ᠪᠠᠶᠢᠴᠠᠭᠠᠯᠲᠠ ᠳᠤ ᠣᠷᠣᠯᠴᠠᠬᠤ ᠥᠬᠡᠶ᠂ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ᠂ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠪᠤᠶᠤ ᠦᠨᠡᠨ ᠪᠣᠳᠠᠲᠠᠶ ᠪᠠᠶᠢᠳᠠᠯ ᠢ ᠨᠢᠭᠤᠨ ᠳᠠᠯᠳᠠᠯᠠᠭᠰᠠᠨ ᠠᠴᠠ ᠪᠣᠯᠵᠣ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠦᠨᠡᠨ ᠪᠠᠶᠢᠳᠠᠯ ᠢ ᠠᠯᠳᠠᠭᠤᠯᠤᠭᠰᠠᠨ ᠨᠡᠷ᠎ᠡ ᠮᠡᠳᠡᠭᠦᠯᠦᠭᠴᠢ ᠶᠢ ᠤᠷᠢᠵᠤ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠳᠤ ᠣᠨᠳᠣᠤ ᠰᠠᠨᠠᠯ ᠲᠠᠢ ᠰᠢᠯᠭᠠᠭᠤᠯᠤᠭᠴᠢ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠲᠠᠰᠤᠭ ᠲᠠᠢ ᠬᠠᠷᠢᠯᠴᠠᠵᠤ᠂ ᠳᠠᠬᠢᠨ ᠪᠠᠶᠢᠴᠠᠭᠠᠯᠭᠠᠬᠤ ᠭᠤᠶᠤᠴᠢᠯᠠᠯ ᠭᠠᠷᠭᠠᠵᠤ᠂ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠲᠣᠰ ᠬᠥᠮᠦᠨ ᠳᠤᠨᠢ ᠮᠡᠳᠡᠭᠳᠡᠵᠦ ᠳᠠᠬᠢᠨ ᠪᠠᠶᠢᠴᠠᠭᠠᠯᠭᠠᠬᠤ ᠬᠡᠷᠡᠭᠲᠡᠶ᠃ ᠳᠠᠬᠢᠨ ᠪᠠᠶᠢᠴᠠᠭᠠᠯᠲᠠ ᠶᠢ ᠨᠢᠭᠡ ᠯᠡ ᠤᠳᠠᠭ᠎ᠠ ᠬᠢᠵᠦ ᠪᠣᠯᠤᠨ᠎ᠠ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠳᠠᠬᠢᠨ ᠪᠠᠶᠢᠴᠠᠭᠠᠭᠰᠠᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ᠃ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢ  ᠰᠢᠨᠵᠢᠯᠡᠨ ᠪᠠᠶᠢᠴᠠᠭᠠᠬᠤ ᠭᠤᠭᠤᠴᠠᠭ᠎ᠠ ᠳᠤ ᠤᠷᠤᠨ᠎ᠠ᠃    ᠪᠡᠶ᠎ᠡ ᠶᠢᠨ ᠪᠠᠶᠢᠴᠠᠭᠠᠯᠲᠠ ᠬᠢᠬᠦ ᠠᠴᠠ ᠡᠮᠦᠨ᠎ᠡ ᠨᠢᠭᠡ ᠡᠳᠦᠷ ᠠᠮᠠᠷᠠᠬᠤ ᠶᠢ ᠠᠩᠬᠠᠷᠴᠤ᠂ ᠪᠠᠶᠢᠴᠠᠭᠠᠯᠲᠠ ᠬᠢᠬᠦ ᠠᠴᠠ ᠡᠮᠦᠨ᠎ᠡ 8-12 ᠴᠠᠭ ᠬᠤᠭᠤᠯᠠ ᠢᠳᠡᠬᠦ ᠶᠢ ᠴᠡᠭᠡᠷᠯᠡᠵᠦ᠂ ᠰᠥᠨᠢᠵᠢᠨ ᠰᠠᠭᠤᠵᠤ ᠪᠣᠯᠬᠤ ᠦᠭᠡᠢ᠂ ᠠᠷᠢᠬᠢ ᠤᠤᠭᠤᠵᠤ ᠪᠣᠯᠬᠤ ᠦᠭᠡᠢ᠂ ᠰᠢᠷᠦᠭᠦᠨ ᠬᠥᠳᠡᠯᠭᠡᠭᠡᠨ ᠬᠢᠬᠦ ᠠᠴᠠ ᠬᠢᠴᠢᠶᠡᠬᠦ ᠬᠡᠷᠡᠭᠲᠡᠶ᠃ ᠹᠢᠽᠢᠣᠯᠣᠭᠢ ᠶᠢᠨ ᠬᠤᠭᠤᠴᠠᠭᠠᠨ ᠤ ᠰᠢᠯᠭᠠᠭᠤᠯᠤᠭᠴᠢ ᠪᠠᠶᠢᠴᠠᠭᠠᠬᠤ ᠡᠮᠴᠢ ᠳᠤ ᠤᠷᠢᠳᠴᠢᠯᠠᠨ ᠢᠯᠡᠷᠬᠡᠶᠢᠯᠡᠬᠦ ᠬᠡᠷᠡᠭᠲᠡᠶ᠃ ᠪᠡᠶ᠎ᠡ ᠶᠢᠨ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠪᠡᠶ᠎ᠡ ᠶᠢᠨ ᠪᠠᠶᠢᠴᠠᠭᠠᠯᠲᠠ ᠶᠢᠨ ᠪᠥᠬᠦ ᠮᠠᠲ᠋ᠧᠷᠢᠶᠠᠯ ᠢᠶᠠᠨ ᠪᠡᠶ᠎ᠡ ᠶᠢᠨ ᠪᠠᠶᠢᠴᠠᠭᠠᠯᠲᠠ ᠶᠢᠨ ᠰᠠᠯᠠᠭᠠᠨ ᠤ ᠡᠮᠦᠨ᠎ᠡ ᠲᠠᠪᠴᠠᠩ ᠳᠤ  ᠦᠯᠡᠳᠡᠭᠡᠨ᠎ᠡ᠃    ᠳᠠᠭᠠᠯᠳᠤᠭᠤᠯᠤᠯ᠄ ᠵᠠᠯᠠᠨ ᠠᠶᠢᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠵᠢᠴᠢ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠳ ᠤᠨ ᠨᠡᠷᠡᠰ       ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠬᠠᠮᠲᠤᠷᠠᠭᠰᠠᠨ ᠠᠵᠢᠯ ᠤᠨ ᠤᠳᠤᠷᠢᠳᠬᠤ ᠳᠤᠭᠤᠶᠢᠯᠠᠩ    2023 ᠣᠨ ᠤ 11 ᠰᠠᠷ᠎ᠠ ᠶᠢᠨ 24 ‍ᠤ‌ᠡᠳᠦᠷ 
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ