ᠵᠦᠩ ᠾᠧ ᠪᠠᠯᠭᠠᠰᠤ ︽ᠬᠥᠯᠥᠨ ᠪᠤᠶᠢᠷ ᠲᠤ ᠪᠣᠯᠵᠣᠵᠤ ᠭᠤᠶᠢᠳᠠ ᠰᠠᠶᠢᠬᠠᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠬᠠᠮᠲᠤᠪᠠᠷ ᠡᠳ᠋ᠯᠡᠶ᠎ᠡ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠵᠡᠢ
ᠨᠡᠶᠢᠲᠡᠯᠡᠭᠰᠡᠨ ᠴᠠᠭ᠄
2023/12/4
    ᠮᠢᠩᠭᠠᠨ ᠭᠠᠵᠠᠷ ᠤᠨ ᠮᠥᠰᠥ ᠬᠥᠯᠳᠡᠵᠦ᠂ ᠲᠦᠮᠡᠨ ᠭᠠᠵᠠᠷ ᠤᠨ ᠴᠠᠰᠤ ᠯᠠᠪᠰᠠᠯᠠᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠷᠠᠯᠳᠤᠬᠤ ᠶᠢ ᠤᠭᠲᠤᠬᠤ ᠶᠢᠨ ᠲᠥᠯᠥᠭᠡ᠂ ᠮᠥᠰᠥ ᠴᠠᠰᠤᠨ ᠤ ᠰᠣᠶᠣᠯ ᠤᠨ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠮᠥᠰᠥ ᠴᠠᠰᠤᠨ ᠤ ᠪᠡᠶ᠎ᠡ ᠶᠢᠨ ᠤᠢᠢᠷ᠎ᠠ ᠶᠢᠨ ᠡᠳᠦᠷ ᠤᠳ ᠲᠤ᠂ ᠵᠦᠩ ᠾᠧ ᠪᠠᠯᠭᠠᠰᠤ ᠶᠢᠨ ᠬᠢᠨ ᠰᠢᠨ᠎ᠡ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠪᠣᠯᠤᠨ ᠠᠨᠠᠷ ᠤᠨ ᠦᠷ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠳᠤ ᠪᠠᠨ ︽ᠬᠥᠯᠥᠨ ᠪᠤᠶᠢᠷ ᠲᠠᠢ ᠪᠣᠯᠵᠣᠵᠤ ᠭᠤᠶᠢᠳᠠ ᠰᠠᠶᠢᠬᠠᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠬᠠᠮᠲᠤᠪᠠᠷ ᠡᠳ᠋ᠯᠡᠶ᠎ᠡ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠰᠢᠷᠢᠰ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠤᠷ᠎ᠠ ᠶᠢᠨ ᠠᠵᠢᠯᠯᠠᠭᠴᠢᠳ ᠬᠠᠷᠢᠶ᠎ᠠ ᠣᠷᠣᠨ ᠤ ᠪᠠᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠵᠣᠬᠢᠶᠠᠨ ᠪᠠᠶᠢᠭᠤᠯᠤᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠰᠢᠷᠢᠰ ᠤᠬᠠᠭᠤᠯᠭ᠎ᠠ ᠶᠢᠨ ᠸᠢᠳᠢᠣ᠋ ᠶᠢ ᠦᠵᠡᠭᠦᠯᠵᠦ᠂ ᠰᠠᠭᠤᠭᠠᠯᠢ ᠠᠷᠠᠳ ᠲᠤ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠴᠢᠬᠤᠯᠠ ᠠᠴᠢ ᠬᠤᠯᠪᠣᠭᠳᠠᠯ ᠪᠣᠯᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠮᠡᠳᠡᠯᠭᠡ ᠶᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠲᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠰᠣᠶᠣᠯ ᠤᠨ ᠦᠨ᠎ᠡ ᠦᠷᠳᠡᠭ ᠪᠣᠯᠤᠨ ᠠᠭᠤᠯᠤᠭᠳᠠᠬᠤᠨ ᠢ ᠤᠯᠠᠮᠵᠢᠯᠠᠪᠠ᠃ ᠡᠭᠦᠨ ᠤ ᠬᠠᠮᠲᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠤᠬᠠᠭᠤᠯᠭ᠎ᠠ ᠶᠢᠨ ᠵᠠᠷᠯᠠᠯ ᠨᠠᠭᠠᠬᠤ᠂ ᠡᠯᠭᠦᠭᠡ ᠪᠢᠴᠢᠭᠡᠰᠦ ᠡᠯᠭᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠵᠤ᠂ ︽ᠡᠷᠡᠭᠦᠯ ᠡᠩᠬᠡ ᠳᠤᠮᠳᠠᠳᠤ ᠤᠯᠤᠰ︾ ᠤᠨ ᠣᠶᠢᠯᠠᠭᠠᠭᠳᠠᠬᠤᠨ  ᠵᠦᠩ ᠾᠧ ᠪᠠᠯᠭᠠᠰᠤ  ᠳᠤ ᠴᠡᠴᠡᠭᠯᠡᠨ ᠵᠢᠮᠢᠰᠯᠡᠬᠦ ᠳᠤ ᠬᠦᠴᠦᠨ ᠨᠡᠮᠡᠷᠢᠯᠡᠨ᠎ᠡ᠃     ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠨ᠎ᠡ ᠠᠶᠠᠰ ᠢ ᠬᠠᠮᠲᠤ ᠪᠠᠷ ᠪᠢᠴᠢᠭᠯᠡᠵᠦ᠂ ᠲᠠᠯ᠎ᠠ ᠨᠤᠲᠤᠭ ᠤᠨ ᠪᠠᠶᠠᠷ ᠤᠨ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠤᠬᠠᠶ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠬᠥᠮᠦᠨ ᠪᠦᠬᠦᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠳᠤ ᠣᠷᠣᠯᠴᠠᠬᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠳᠤ ᠬᠦᠴᠦᠨ ᠨᠡᠮᠡᠷᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠵᠦᠩ ᠡᡁᠧ ᠪᠠᠯᠭᠠᠰᠤ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠶ᠎ᠠ ᠣᠷᠣᠨ ᠤ ᠤᠯᠠᠨ ᠲᠦᠮᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠠᠯᠠᠭᠤᠨ ᠥᠷᠨᠢᠯᠲᠡ ᠶᠢ ᠥᠷᠨᠢᠭᠦᠯᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠢ ᠲᠦᠷᠢ ᠲᠥᠷᠬᠦ ᠪᠠᠷ ᠬᠥᠯᠥᠨ ᠪᠤᠶᠢᠷ ᠤᠨ ︽ᠡᠪᠦᠯ ᠤᠨ ᠠᠶᠠᠯᠭᠤ︾ ᠶᠢ ᠳᠡᠯᠭᠡᠨ ᠦᠵᠡᠭᠦᠯᠬᠦ ᠳᠤ ᠬᠦᠴᠦ ᠨᠡᠮᠡᠷᠢᠯᠡᠵᠦ᠂ ᠦᠪᠡᠳᠡᠭᠰᠢ ᠴᠤᠭᠯᠠᠭᠠᠨ ᠢ ᠡᠷᠬᠢᠯᠡᠬᠦ ᠳᠤ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠤ ᠰᠠᠭᠤᠷᠢ ᠶᠢ ᠲᠠᠯᠪᠢᠵᠤ ᠥᠭᠭᠦᠨ᠎ᠡ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ