ᠰᠢᠩ ᠬᠤᠸᠠ ᠵᠡᠭᠡᠯᠢ ᠭᠤᠳᠤᠮᠵᠢ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2023/12/4
    ᠨᠡᠶᠢᠭᠡᠮ ᠨᠡᠶᠢᠲᠡ ᠶᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠲᠤᠬᠠᠶ ᠲᠠᠨᠢᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 27 ᠤ ᠡᠳᠦᠷ᠂ ᠰᠢᠩ ᠬᠤᠸᠠ ᠵᠡᠭᠡᠯᠢ ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ᠤᠨ ᠬᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ︽ᠮᠥᠩᠭᠦᠨ ᠭᠦᠢᠯᠭᠡᠭᠡᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠵᠣᠭᠤᠰᠣᠨ ᠪᠣᠭᠴᠣ ᠶᠢ ᠰᠠᠶᠢᠲᠤᠷ ᠰᠠᠬᠢᠬᠤ︾ ᠪᠠᠷ ᠭᠤᠤᠯ ᠰᠡᠳᠦᠪ ᠪᠣᠯᠭᠠᠭᠰᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠢᠩ ᠴᠦᠨ ᠨᠡᠶᠢᠭᠡᠮ ᠲᠣᠭᠤᠷᠢᠭ ᠤᠨ ᠬᠢᠨ ᠡᠵᠡᠩᠨᠡᠯᠲᠡ ᠶᠢᠨ ᠲᠠᠯᠠᠪᠤᠷ ᠭᠠᠵᠠᠷ᠂ ᠵᠢᠵᠢᠭ ᠲᠣᠭᠤᠷᠢᠭ᠂ ᠠᠭᠤᠳᠠᠮ ᠲᠠᠯᠠᠪᠠᠶ ᠳᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠳᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠬᠤᠤᠷ ᠬᠥᠨᠥᠭᠡᠯ ᠢ ᠲᠠᠶᠢᠯᠪᠤᠷᠢᠯᠠᠨ ᠥᠭᠴᠦ᠂ ᠣᠯᠠᠨ ᠨᠡᠶᠢᠲᠡ ᠪᠠᠷ ᠢᠶᠠᠨ ᠰᠠᠨᠠᠭᠠᠴᠢᠯᠠᠭ᠎ᠠ ᠠᠴᠠ ᠪᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠶᠢ ᠰᠠᠨᠠᠭᠠᠴᠢᠯᠠᠵᠤ᠂ ᠵᠥᠪ ᠣᠨᠣᠪᠴᠢᠲᠠᠶ ᠮᠥᠩᠭᠦᠨ  ᠭᠦᠢᠯᠭᠡᠭᠡᠨ ᠤ ᠦᠵᠡᠯ ᠤᠬᠠᠮᠰᠠᠷ ᠢ ᠪᠣᠶ ᠪᠣᠯᠭᠠᠵᠤ᠂ ᠣᠯᠠᠨ ᠲᠦᠮᠡᠨ ᠳᠤ ᠬᠠᠤᠯᠢ ᠪᠤᠰᠤ ᠪᠠᠷ ᠪᠠᠯᠠ ᠴᠤᠭᠯᠠᠭᠤᠯᠬᠤ ᠳᠤ ᠬᠠᠯᠳᠠᠵᠤ ᠪᠣᠯᠤᠰᠢ ᠥᠬᠡᠶ ᠪᠠᠶᠢᠬᠤ ᠶᠢ ᠰᠠᠨᠠᠭᠤᠯᠵᠤ᠂ ᠬᠤᠪᠢ ᠬᠥᠮᠦᠨ ᠤ ᠵᠣᠭᠤᠰ ᠮᠥᠩᠭᠦ ᠪᠠᠨ ᠰᠠᠶᠢᠲᠤᠷ ᠬᠠᠮᠠᠭᠠᠯᠠᠬᠤ ᠬᠡᠷᠡᠭᠲᠡᠶ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠡᠮᠵᠢᠨ᠂ ᠶᠢᠩ ᠴᠦᠨ ᠨᠡᠶᠢᠭᠡᠮ ᠲᠣᠭᠤᠷᠢᠭ ᠤᠨ ᠬᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠣᠯ  ᠣᠷᠳᠣ ᠬᠤᠭᠤᠴᠠᠭᠠᠨ ᠤ ᠠᠵᠢᠯ ᠮᠥᠨ᠂ ᠬᠤᠶᠢᠰᠢᠳᠠ ᠶᠢᠩ ᠴᠦᠨ ᠨᠡᠶᠢᠭᠡᠮ ᠲᠣᠭᠤᠷᠢᠭ ᠤᠨ ᠬᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠠᠵᠢᠯ ᠢ ᠦᠷᠭᠦᠯᠵᠢᠯᠡᠨ ᠠᠵᠢᠯ ᠤᠨ ᠴᠢᠬᠤᠯᠠ ᠠᠭᠤᠯᠭ᠎ᠠ ᠪᠠᠨ ᠪᠣᠯᠭᠠᠵᠤ᠂ ᠣᠯᠠᠨ ᠲᠦᠮᠡᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠣᠶᠢᠯᠠᠭᠠᠭᠳᠠᠬᠤᠨ ᠢ ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠤᠬᠠᠮᠰᠠᠷ ᠢ ᠳᠡᠭᠡᠭᠰᠢᠯᠡᠭᠦᠯᠵᠦ᠂ ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠨ᠎ᠠ ᠭᠡᠳᠡᠭ ᠢ ᠲᠠᠨᠢᠵᠤ ᠣᠯᠤᠭᠰᠠᠨ ᠪᠠᠶᠢᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ