ᠳ᠋ᠠ ᠾᠧ ᠸᠠᠨ ᠪᠠᠯᠭᠠᠰᠤ᠄ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ︽ᠡᠭᠦᠳᠡ ᠪᠠᠨ ᠬᠠᠭᠠᠬᠤ ᠦᠭᠡᠢ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠤᠭᠰᠤᠬᠤ ᠦᠭᠡᠢ︾
ᠨᠡᠶᠢᠲᠡᠯᠡᠭᠰᠡᠨ ᠴᠠᠭ᠄
2023/12/4
    ᠡᠨᠡ ᠵᠢᠯ ᠠᠴᠠ ᠨᠠᠰᠢ᠂ ᠳ᠋ᠠ ᠾᠧ ᠸᠠᠨ ᠪᠠᠯᠭᠠᠰᠤ ᠶᠢᠨ ᠬᠢᠨ ᠲᠣᠰᠬᠤᠨ ᠤ ︽ᠬᠤᠶᠠᠷ ᠵᠥᠪᠯᠡᠯ︾ ᠤᠨ  ᠺᠠᠲᠡᠷ᠂ ᠪᠠᠯᠭᠠᠰᠤ ᠠᠴᠠ ᠲᠣᠰᠬᠤᠨ ᠢ ᠳᠠᠭᠠᠭᠠᠴᠢᠯᠠᠬᠤ ᠠᠵᠢᠯ ᠤᠨ ᠳᠤᠭᠤᠶᠢᠯᠠᠩ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠺᠠᠲᠡᠷ᠂ ᠨᠠᠮ ᠤᠨ ᠭᠡᠰᠢᠭᠦᠨ ᠤᠯᠠᠨ ᠲᠦᠮᠡᠨ᠂ ᠠᠷᠢᠭᠤᠨ ᠴᠡᠪᠡᠷᠴᠢ ᠵᠡᠷᠭᠡ ᠬᠥᠮᠦᠰ ᠢ ᠢᠳᠡᠪᠬᠢᠲᠡᠢ ᠵᠣᠬᠢᠶᠠᠨ ᠪᠠᠶᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠪᠡ     ᠡᠯ᠎ᠡ ᠲᠣᠰᠬᠤᠨ ᠤ ︽ᠬᠤᠶᠠᠷ ᠵᠥᠪᠯᠡᠯ︾ ᠤᠨ ᠺᠠᠲᠡᠷ ᠵᠢᠱᠢᠶᠡᠴᠢ ᠪᠠᠷ ᠬᠦᠳᠦᠯᠦᠨ ᠳᠠᠭᠠᠭᠤᠯᠵᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠺᠠᠲᠡᠷ᠂ ᠨᠠᠮ ᠤᠨ ᠭᠡᠰᠢᠭᠦᠨ ᠤᠯᠠᠨ ᠲᠦᠮᠡᠨ᠂ ᠠᠷᠢᠭᠤᠨ ᠴᠡᠪᠡᠷᠴᠢ ᠭᠤᠣᠯ ᠳᠡᠳ᠋ ᠵᠠᠮ ᠳᠠᠭᠠᠤ ᠶᠢᠨ ᠬᠤᠶᠠᠷ ᠲᠠᠯ᠎ᠠ ᠶᠢᠨ ᠪᠤᠵᠠᠷ ᠡᠪᠡᠰᠦ᠂ ᠠᠮᠢᠳᠤᠷᠠᠯ ᠤᠨ ᠬᠤᠭ ᠨᠣᠪᠰᠢ᠂ ᠭᠤᠣᠯ ᠤᠨ ᠵᠠᠮ ᠭᠤᠤ ᠰᠤᠪᠠᠭ ᠵᠢᠴᠢ ᠡᠯ᠎ᠡ ᠲᠦᠷᠦᠯ ᠤᠨ ᠬᠠᠶᠠᠭᠳᠠᠮᠠᠯ ᠪᠣᠳᠠᠰ ᠵᠡᠷᠭᠡ ᠶᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠲᠣᠰᠬᠤᠨ ᠤ ᠠᠷᠠᠳ ᠢ ᠳᠠᠶᠢᠴᠢᠯᠠᠨ ᠵᠠᠰᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠪᠦᠬᠦ ᠠᠷᠠᠳ ᠢᠶᠠᠷ ᠢᠶᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠲᠣᠰᠬᠤᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠪᠠᠯᠭᠠᠰᠤᠨ ᠤ ᠪᠦᠦ ᠼᠦᠨ ᠲᠣᠰᠬᠤᠨ ᠤ ᠠᠵᠢᠯ ᠤᠨ ᠳᠤᠭᠤᠶᠢᠯᠠᠩ ᠠᠶᠢᠯ ᠲᠣᠰᠬᠤᠨ ᠳᠤ ᠬᠦᠷᠴᠦ᠂ ᠲᠠᠷᠢᠶᠠᠴᠢᠨ ᠠᠶᠢᠯ ᠳᠤ ᠬᠦᠷᠴᠦ᠂ ᠲᠠᠷᠢᠶᠠᠨ ᠭᠠᠵᠠᠷ ᠲᠤ ᠬᠦᠷᠴᠦ᠂ ᠬᠡᠲᠦ ᠳᠡᠯᠭᠡᠭᠦᠷ ᠢ ᠵᠢᠭᠠᠨ ᠵᠢᠯᠣᠭᠤᠳᠴᠤ ᠲᠣᠭᠲᠠᠭᠰᠠᠨ ᠭᠠᠵᠠᠷ ᠲᠤ ᠬᠤᠭ ᠨᠣᠪᠰᠢ ᠬᠠᠶᠠᠵᠤ᠂ ᠲᠠᠷᠢᠶᠠᠨ ᠭᠠᠵᠠᠷ ᠲᠤ ᠬᠦᠷᠴᠦ ᠲᠠᠷᠢᠶᠠᠨ ᠡᠮ ᠤᠨ ᠯᠣᠩᠬᠤ᠂ ᠬᠢᠮᠢ ᠶᠢᠨ ᠪᠣᠷᠲᠣᠭᠤᠷ ᠤᠨ ᠤᠭᠤᠲᠠ ᠲᠡᠭᠦᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢ ᠥᠷᠨᠢᠭᠦᠯᠵᠦ᠂ ᠣᠯᠠᠨ ᠲᠦᠮᠡᠨ ᠤ ᠪᠣᠯᠪᠠᠰᠤᠨ ᠤ ᠤᠬᠠᠮᠰᠠᠷ ᠢ ᠨᠡᠮᠡᠭᠳᠡᠭᠦᠯᠦᠨ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠳᠤ ᠬᠦᠴᠦᠨ ᠨᠡᠮᠡᠷᠢᠯᠡᠵᠦ᠂ ᠪᠥᠬᠦ ᠪᠠᠯᠭᠠᠰᠤ ᠪᠠᠷ ᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃     ᠳᠠᠷᠠᠭᠠᠴᠢ ᠶᠢᠨ ᠠᠯᠬᠤᠮ ᠳᠤ᠂ ᠳ᠋ᠠ ᠾᠧ ᠸᠠᠨ ᠪᠠᠯᠭᠠᠰᠤ ᠶᠢᠨ ᠬᠢᠨ ᠦᠷᠭᠦᠯᠵᠢᠯᠡᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠲᠡᠢ ᠭᠠᠷᠳᠠᠴᠠ ᠪᠣᠯᠭᠠᠵᠤ᠂ ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ ᠪᠦᠷᠢᠨᠰᠢᠬᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠦᠴᠦᠲᠡᠢ ᠠᠵᠢᠯᠯᠠᠭ᠎ᠠ ᠪᠠᠷ ᠢᠶᠠᠨ ᠣᠷᠣᠰᠢᠨ ᠰᠠᠭᠤᠬᠤ ᠳᠤ ᠲᠣᠬᠢᠷᠠᠮᠵᠢᠲᠠᠢ᠂ ᠣᠷᠴᠢᠨ ᠲᠣᠭᠤᠷᠢᠨ ᠴᠡᠪᠡᠷ ᠴᠡᠮᠴᠡᠭᠡᠷ ᠦᠵᠡᠰᠬᠦᠯᠡᠩᠲᠦ ᠰᠠᠶᠢᠬᠠᠨ ᠶᠡᠭᠡ ᠭᠤᠣᠯ ᠤᠨ ᠪᠤᠯᠤᠩ ᠢ ᠬᠦᠴᠦᠯᠡᠨ ᠴᠣᠭᠴᠠᠯᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ