︽ᠬᠠᠤᠯᠢᠵᠢᠯ ᠤᠨ ᠵᠣᠷᠢᠭ ᠰᠠᠨᠠᠭᠠᠨ ᠤ ᠵᠢᠷᠤᠮᠵᠢᠯ ᠢ ᠪᠠᠳᠠᠷᠠᠭᠤᠯᠵᠤ ᠬᠠᠤᠯᠢ ᠶᠣᠰᠣᠭᠠᠷ ᠪᠠᠭᠰᠢᠯᠠᠭᠤᠯᠤᠨ᠎ᠠ︾ — ᠵᠠᠯᠠᠨ ᠠᠶᠢᠯ ᠬᠤᠳᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ︽ᠬᠠᠤᠯᠢᠵᠢᠯ ᠤᠨ ᠵᠣᠷᠢᠭ ᠰᠠᠨᠠᠭᠠᠨ ᠤ ᠵᠢᠷᠤᠮᠵᠢᠯ ᠢ ᠪᠠᠳᠠᠷᠠᠭᠤᠯᠵᠤ ᠬᠠᠤᠯᠢ ᠶᠣᠰᠣᠭᠠᠷ ᠪᠠᠭᠰᠢᠯᠠᠭᠤᠯᠤᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/12/6
    ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠤᠯᠢᠵᠢᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠮ ᠤᠨ ᠭᠡᠰᠢᠭᠦᠨ ᠪᠠᠭᠰᠢ ᠶᠢᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠴᠢᠨᠠᠭᠰᠢᠳᠠ ᠳᠡᠭᠡᠭᠰᠢᠯᠡᠭᠦᠯᠵᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠤᠯᠢ ᠶᠣᠰᠣᠭᠠᠷ ᠵᠢᠭᠠᠨ ᠰᠤᠷᠭᠠᠬᠤ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ 12 ᠰᠠᠷ᠎ᠠ ᠶᠢᠨ 1 ᠤ ᠡᠳᠦᠷ᠂ ᠵᠠᠯᠠᠨ ᠠᠶᠢᠯ ᠬᠤᠲᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ︽ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠤᠨ ᠵᠢᠷᠤᠮᠵᠢᠭᠤᠯᠵᠤ ᠬᠠᠤᠯᠢ ᠶᠣᠰᠣᠭᠠᠷ ᠪᠠᠭᠰᠢᠯᠠᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃      ᠡᠩ ᠲᠡᠷᠢᠭᠦᠨ ᠳᠤ᠂ ᠨᠠᠮ ᠤᠨ ᠡᠭᠦᠷ ᠤᠨ ᠱᠦᠵᠢ ᠪᠦᠬᠦ ᠨᠠᠮ ᠤᠨ ᠭᠡᠰᠢᠭᠦᠨ ᠢ ᠳᠠᠭᠠᠭᠤᠯᠤᠨ ᠲᠣᠭᠲᠠᠭᠰᠠᠨ ᠠᠵᠢᠯᠯᠠᠭ᠎ᠠ ᠶᠢ ᠪᠡᠶᠡᠯᠡᠭᠦᠯᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨᠲᠠ ᠡᠷᠭᠢᠴᠡᠭᠦᠯᠪᠡ᠃ ᠬᠤᠶᠠᠷ᠂ ᠨᠠᠮ ᠤᠨ ᠲᠦᠷᠢᠮ ᠢ ᠤᠩᠰᠢᠵᠤ᠂ ᠤᠩᠰᠢᠯᠭ᠎ᠠ ᠪᠠᠷ ᠰᠤᠷᠤᠯᠴᠠᠯᠭ᠎ᠠ ᠶᠢ ᠠᠬᠢᠭᠤᠯᠵᠤ᠂ ᠨᠠᠮ ᠤᠨ ᠲᠦᠷᠢᠮ ᠤᠨ ᠠᠭᠤᠯᠤᠭᠳᠠᠬᠤᠨ ᠢ ᠲᠠᠰᠤᠷᠠᠯᠳᠠ ᠦᠭᠡᠢ ᠣᠶᠢᠯᠠᠭᠠᠬᠤ ᠬᠡᠷᠡᠭᠲᠡᠢ᠃ ᠭᠤᠷᠪᠠ᠂ ᠨᠠᠮ ᠤᠨ ᠰᠦᠢᠳᠬᠡᠯ ᠲᠣᠰᠢᠶᠠᠪᠠ᠃ ᠳᠠᠷᠠᠭ᠎ᠠ ᠨᠢ ᠲᠤᠰᠬᠠᠶ ᠰᠡᠳᠦᠪᠲᠦ ᠰᠤᠷᠤᠯᠴᠠᠯᠭ᠎ᠠ᠂ ᠦᠨᠳᠦᠰᠦᠨ ᠬᠠᠤᠯᠢ ᠶᠢᠨ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ᠂ ᠬᠡᠷᠡᠭ ᠤᠨ ᠬᠡᠯᠡᠯᠭᠡ ᠪᠠᠷ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠵᠢᠴᠢ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠵᠡᠷᠭᠡ ᠣᠯᠠᠨ ᠵᠦᠢᠯ ᠤᠨ ᠬᠡᠯᠪᠡᠷᠢ ᠶᠢᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢ ᠥᠷᠨᠢᠭᠦᠯᠬᠦ ᠶᠠᠪᠤᠴᠠ ᠳᠤ ᠡᠯ᠎ᠡ ᠨᠠᠮ ᠤᠨ ᠭᠡᠰᠢᠭᠦᠨ‌‍ᠺᠠᠲᠡᠷᠴᠤᠳ ᠲᠤ ᠬᠢᠬᠦ ᠬᠠᠤᠯᠢ ᠪᠠᠷ ᠵᠠᠰᠠᠬᠤ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠨᠠᠮ ᠤᠨ ᠭᠡᠰᠢᠭᠦᠨ ᠺᠠᠲᠡᠷᠴᠤᠳ ᠤᠨ ᠬᠠᠤᠯᠢ ᠶᠢ ᠰᠠᠬᠢᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠤᠯᠢ ᠶᠣᠰᠣᠭᠠᠷ ᠵᠢᠭᠠᠨ ᠰᠤᠷᠭᠠᠬᠤ ᠬᠠᠤᠯᠢ ᠪᠠᠷ ᠵᠠᠰᠠᠬᠤ ᠦᠵᠡᠯᠲᠡ᠂ ᠶᠣᠰᠣ ᠲᠦᠷᠢᠮ ᠤᠨ ᠤᠬᠠᠮᠰᠠᠷ ᠪᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠲᠡᠷᠴᠤᠳ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠨᠠᠩ ᠪᠠᠲᠤᠳᠬᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ  ᠦᠢᠯᠡᠳᠦᠯ ᠢ ᠪᠠᠳᠠᠷᠠᠭᠤᠯᠤᠨ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠰᠠᠶᠢᠲᠤᠷ ᠬᠢᠪᠠ᠃ ᠬᠤᠶᠢᠰᠢᠳᠠ ᠶᠢᠨ ᠠᠵᠢᠯ ᠳᠤᠮᠳᠠ ᠪᠠᠨ ᠬᠠᠤᠯᠢᠵᠢᠯ ᠤᠨ ᠵᠣᠷᠢᠭ ᠰᠠᠨᠠᠭ᠎ᠠ ᠶᠢ ᠢᠳᠡᠪᠬᠢᠲᠡᠢ ᠪᠠᠳᠠᠷᠠᠭᠤᠯᠵᠤ᠂ ᠠᠷᠢᠭᠤᠨ ᠴᠢᠬᠡᠴᠢ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ᠂ ᠬᠠᠤᠯᠢ ᠶᠣᠰᠣᠭᠠᠷ ᠪᠠᠭᠰᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠭᠡᠰᠢᠭᠦᠨ ᠤ ᠬᠠᠷᠢᠭᠤᠴᠠᠯᠭ᠎ᠠ ᠪᠠ ᠡᠭᠦᠷᠭᠡᠯᠡᠯ ᠢ ᠲᠠᠶᠢᠯᠪᠤᠷᠢᠯᠠᠵᠤ᠂ ᠡᠵᠡᠨ ᠬᠥᠮᠦᠨ ᠤ ᠣᠪᠣᠷ ᠢᠶᠠᠷ ᠵᠠᠯᠠᠨ ᠠᠶᠢᠯ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠡᠷᠬᠢᠯᠡᠬᠦ᠂ ᠦᠵᠡᠰᠬᠦᠯᠡᠩᠲᠦ ᠰᠠᠶᠢᠬᠠᠨ ᠵᠠᠯᠠᠨ ᠢ ᠪᠦᠳᠦᠭᠡᠨ ᠪᠠᠶᠢᠭᠤᠯᠬᠤ ᠡᠯ᠎ᠡ ᠵᠦᠢᠯ ᠤᠨ ᠠᠵᠢᠯ ᠳᠤ ᠢᠳᠡᠪᠬᠢᠲᠡᠢ ᠣᠷᠣᠯᠴᠠᠬᠤ ᠬᠡᠷᠡᠭᠲᠡᠢ᠃     ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠣᠯ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠴᠢᠬᠤᠯᠠ ᠬᠡᠰᠡᠭ ᠮᠥᠨ᠂ ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠦᠨᠳᠦᠰᠦᠨ ᠬᠠᠤᠯᠢ ᠶᠢ ᠰᠤᠷᠤᠯᠴᠠᠵᠤ ᠤᠬᠠᠭᠤᠯᠬᠤ ᠪᠠ ᠲᠤᠤᠱᠯᠠᠭᠤᠯᠤᠨ ᠬᠡᠷᠡᠭᠵᠢᠭᠦᠯᠬᠦ ᠶᠢ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠰᠢᠷᠢᠰ ᠬᠢᠴᠢᠶᠡᠯ ᠢ ᠬᠢᠴᠢᠶᠡᠯ ᠤᠨ ᠲᠠᠩᠬᠢᠮ ᠳᠤ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠲᠡᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠬᠠᠤᠯᠢ ᠪᠠᠷ ᠵᠠᠰᠠᠬᠤ ᠤᠬᠠᠮᠰᠠᠷ ᠢ ᠨᠢ ᠴᠢᠩᠭᠠᠷᠠᠭᠤᠯᠵᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ