︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ  ᠤᠨ ᠤᠯᠠᠷᠢᠯ ᠤᠨ ᠲᠠᠮᠢᠷ ᠤᠨ ᠴᠤᠨᠯᠠᠭᠠᠨ︾  ᠤ ᠵᠠᠯᠠᠨ ᠠᠶᠢᠯ ᠤᠨ ᠤᠷᠤᠯᠳᠤᠭᠠᠨ ᠤ ᠲᠣᠭᠤᠷᠢᠭ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠨᠢᠭᠡᠨᠲᠡ ᠲᠡᠭᠦᠰᠬᠡᠯ ᠤᠨ ᠱᠠᠲᠤᠨ ᠳᠤ ᠣᠷᠣᠪᠠ
ᠨᠡᠶᠢᠲᠡᠯᠡᠭᠰᠡᠨ ᠴᠠᠭ᠄
2023/12/6
    ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ  ᠤᠨ ᠤᠯᠠᠷᠢᠯ ᠤᠨ ᠲᠠᠮᠢᠷ ᠤᠨ ᠴᠤᠨᠯᠠᠭᠠᠨ︾  ᠤ ᠴᠠᠭ  ᠶᠢᠨ ᠲᠣᠩᠭᠤᠷᠤᠤ  ᠲᠤᠭᠠᠯᠠᠯᠲᠠ100 ᠡᠳᠦᠷ ᠪᠣᠯᠬᠤ ᠲᠠᠰᠢᠷᠠᠮ ᠢᠶᠠᠷ᠂ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ  ᠤᠨ ᠤᠯᠠᠷᠢᠯ ᠤᠨ ᠲᠠᠮᠢᠷ ᠤᠨ ᠴᠤᠨᠯᠠᠭᠠᠨ︾  ᠤ ᠵᠠᠯᠠᠨ ᠠᠶᠢᠯ ᠤᠨ ᠤᠷᠤᠯᠳᠤᠭᠠᠨ ᠤ ᠲᠣᠭᠤᠷᠢᠭ ᠤᠨ ᠬᠢᠨ ᠪᠠᠷᠢᠯᠭ᠎ᠠ ᠶᠢᠨ ᠠᠬᠢᠴᠠ ᠶᠢ ᠠᠮᠵᠢᠵᠤ᠂ ᠡᠯ᠎ᠡ ᠲᠦᠷᠦᠯ ᠤᠨ ᠪᠠᠷᠢᠯᠭ᠎ᠠ ᠤᠳᠤ ᠨᠢᠭᠡᠨᠲᠡ ᠰᠡᠭᠦᠯ ᠬᠤᠷᠢᠶᠠᠬᠤ ᠱᠠᠲᠤᠨ ᠳᠤ ᠣᠷᠣᠪᠠ᠃      ᠵᠠᠯᠠᠨ ᠠᠶᠢᠯ ᠤᠨ ᠵᠢᠨ‌ᠯᠦ᠋ᠩ ᠱᠠᠨ ᠤ ᠴᠠᠰᠤᠨ ᠳᠤ ᠭᠤᠯᠭᠤᠬᠤ ᠲᠠᠯᠠᠪᠠᠢ ᠶᠢᠨ ᠲᠠᠮᠢᠷᠴᠢᠳ ᠢ ᠬᠦᠯᠢᠶᠡᠨ ᠠᠪᠬᠤ ᠲᠥᠪ ᠲᠤ ᠬᠦᠷᠬᠦ ᠳᠤ᠂ ᠰᠤᠷᠪᠤᠯᠵᠢᠯᠠᠭᠴᠢ ᠠᠵᠢᠯᠴᠢᠨ ᠪᠠᠭᠰᠢ ᠲᠤᠬᠠᠢ ᠶᠢᠨ ᠲᠠᠯᠠᠪᠠᠢ ᠳᠤ ᠰᠦᠨ ᠴᠠᠪᠠᠤ ᠶᠢᠨ ᠰᠢᠷ ᠤᠨ ᠬᠡᠷᠡᠮ ᠢ ᠥᠩᠭᠡᠯᠡᠵᠦ ᠪᠠᠶᠢᠬᠤ ᠶᠢ ᠣᠯᠵᠤ ᠬᠠᠷᠠᠪᠠ᠂ ᠤᠢᠢᠷ᠎ᠠ ᠶᠢᠨ ᠡᠳᠦᠷ ᠲᠤᠬᠠᠢ ᠶᠢᠨ ᠲᠠᠯᠠᠪᠠᠢ ᠳᠤ ᠲᠠᠯᠠᠪᠠᠢ ᠶᠢ ᠲᠡᠭᠰᠢᠯᠡᠬᠦ᠂ ᠠᠷᠢᠭᠤᠨ ᠴᠡᠪᠡᠷ᠂ ᠠᠯᠪᠠᠨ ᠤ ᠭᠡᠷ ᠤᠨ ᠬᠡᠷᠡᠭᠰᠡᠯ ᠤᠭᠰᠠᠷᠠᠬᠤ ᠵᠡᠷᠭᠡ ᠠᠵᠢᠯ ᠢ ᠬᠢᠬᠦ ᠪᠣᠯᠤᠨ᠎ᠠ᠃ ᠣᠶᠢᠯᠠᠭᠠᠭᠰᠠᠨ ᠢᠶᠠᠷ᠂ ᠲᠠᠮᠢᠷᠴᠢᠳ ᠤᠨ ᠭᠥᠯᠢᠶᠡᠨ ᠠᠪᠬᠤ ᠲᠥᠪ ᠤᠨ ᠡᠵᠡᠯᠡᠬᠦ ᠲᠠᠯᠠᠪᠠᠶ ᠨᠢ 1659 ᠲᠡᠭᠰᠢ ᠳᠥᠷᠪᠡᠯᠵᠢᠨ ᠮᠧᠲᠷ ᠪᠠᠶᠢᠵᠤ᠂ ᠳᠤᠯᠠᠭᠠᠯᠠᠬᠤ ᠦᠷ᠎ᠡ ᠳ᠋ᠦᠩ ᠳᠤ ᠬᠦᠷᠬᠦ ᠶᠢᠨ ᠲᠥᠯᠥᠭᠡ᠂ ᠭᠠᠳᠠᠷ ᠬᠡᠷᠡᠮ ᠳᠤ 300mm ᠵᠤᠵᠠᠭᠠᠨ ᠸᠠᠭᠠᠷ ᠤᠨ ᠮᠥᠬᠦᠯᠢᠭᠲᠦ ᠪᠤᠲ᠋ᠤᠨ ᠢᠶᠠᠷ ᠬᠡᠰᠡᠭ ᠬᠡᠷᠡᠮ ᠪᠠᠷᠢᠵᠤ᠂ ᠭᠠᠳᠠᠷ ᠲᠠᠯ᠎ᠠ ᠳᠤᠨᠢ 120mm ᠵᠤᠵᠠᠭᠠᠨ ᠪᠥᠭᠡᠭᠡᠨᠡᠷᠡᠯ ᠪᠤᠨ᠋ᠽᠤᠨ᠋ᠳᠦ ᠬᠠᠪᠲᠠᠰᠤᠨ ᠤ ᠳᠤᠯᠠᠭᠠᠨ ᠬᠠᠳᠠᠭᠠᠯᠠᠬᠤ ᠳᠠᠪᠬᠤᠷᠭ᠎ᠠ ᠨᠠᠭᠠᠵᠤ᠂ ᠬᠡᠷ ᠤᠨ ᠨᠢᠭᠤᠷ ᠲᠤᠨᠢ 150mm ᠰᠢᠬᠠᠵᠤ ᠪᠠᠶᠢᠭᠠᠳ ᠪᠥᠭᠡᠭᠡᠨᠡᠷᠡᠯ ᠪᠤᠨ᠋ᠽᠤᠨ᠋ᠳᠦ ᠬᠠᠪᠲᠠᠰᠤᠨ ᠤ ᠳᠤᠯᠠᠭᠠᠨ ᠬᠠᠳᠠᠭᠠᠯᠠᠬᠤ ᠳᠠᠪᠬᠤᠷᠭ᠎ᠠ ᠶᠢ ᠪᠠᠷᠢᠵᠠᠶ᠃     ᠵᠠᠯᠠᠨ ᠠᠶᠢᠯ ᠬᠤᠲᠠ ᠶᠢᠨ ᠬᠢᠨ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ  ᠤᠨ ᠤᠯᠠᠷᠢᠯ ᠤᠨ ᠲᠠᠮᠢᠷ ᠤᠨ ᠴᠤᠨᠯᠠᠭᠠᠨ︾ ᠤ ᠤᠷᠤᠯᠳᠤᠭᠠᠨ ᠢ ᠳᠠᠭᠠᠭᠠᠨ ᠡᠷᠭᠢᠯᠡᠬᠦ ᠶᠠᠪᠤᠳᠠᠯ ᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠨ᠂ ᠬᠠᠷᠢᠭᠤᠴᠠᠯᠭ᠎ᠠ ᠶᠢ ᠱᠠᠲᠤ ᠳᠠᠷᠠᠭᠠᠯᠠᠨ ᠨᠠᠶᠢᠳᠠᠪᠤᠷᠢᠵᠢᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠨ᠂ ᠠᠷᠪᠢᠲᠠᠶ ᠭᠠᠮᠲᠠᠶ᠂ ᠦᠪᠡᠳᠡᠭᠰᠢ ᠶᠡᠭᠡ᠂ ᠥᠨᠳᠥᠷ ᠪᠦᠲᠦᠮᠵᠢᠲᠡᠶ ᠪᠠᠶᠢᠬᠤ ᠵᠠᠷᠴᠢᠮ ᠶᠣᠰᠣᠭᠠᠷ᠂ ᠬᠤᠷᠠᠯ ᠢ ᠤᠭᠲᠤᠬᠤ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂  ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠬᠤᠲᠠ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠵᠦ᠂ ᠡᠯ᠎ᠡ  ᠵᠦᠢᠯ ᠤᠨ ᠪᠡᠯᠡᠳᠬᠡᠯ ᠠᠵᠢᠯ ᠢ ᠡᠮᠬᠢ ᠵᠢᠷᠤᠮ ᠲᠠᠢ ᠳᠥᠯᠭᠢᠨ ᠠᠬᠢᠭᠤᠯᠪᠠ᠃ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ  ᠤᠨ ᠤᠯᠠᠷᠢᠯ ᠤᠨ ᠲᠠᠮᠢᠷ ᠤᠨ ᠴᠤᠨᠯᠠᠭᠠᠨ︾  ᠤ ᠤᠷᠤᠯᠳᠤᠭᠠᠨ ᠤ ᠱᠠᠭᠠᠷᠳᠠᠯᠭ᠎ᠠ ᠶᠣᠰᠣᠭᠠᠷ᠂ ᠲᠥᠷᠥᠯ  ᠵᠦᠢᠯ ᠢ ᠡᠮᠬᠢᠯᠡᠨ ᠨᠡᠶᠢᠯᠡᠭᠦᠯᠬᠦ ᠪᠠᠷ ᠳᠡᠮᠵᠢᠨ᠂ ᠵᠠᠯᠠᠨ ᠠᠶᠢᠯ ᠬᠤᠲᠠ ᠶᠢᠨ  ᠬᠢᠨ  ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ ᠶᠢᠨ ᠴᠠᠰᠤ   ᠦᠢᠯᠡᠳᠬᠦ ᠰᠢᠰᠲ᠋ᠧᠮ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ ᠰᠢᠰᠲ᠋ᠧᠮ ᠵᠡᠷᠭᠡ 40 ᠲᠥᠷᠥᠯ  ᠵᠦᠢᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ ᠥᠭᠡᠷᠡᠴᠢᠯᠡᠵᠦ᠂ ᠣᠲᠣ ᠪᠣᠯᠲᠠᠯ᠎ᠠ ᠶᠡᠬᠡᠩᠬᠢ ᠢᠨᠵᠧᠨᠧᠷᠢᠩ ᠨᠢ ᠴᠥᠮ ᠰᠡᠭᠦᠯ ᠬᠤᠷᠢᠶᠠᠬᠤ ᠱᠠᠲᠤᠨ ᠳᠤ ᠤᠷᠤᠭᠰᠠᠨ ᠪᠠᠶᠢᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ