︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠨ᠂ ᠵᠢᠱᠢᠶᠡᠴᠢ  ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠤᠶ᠎ᠠ︾ ᠭᠡᠬᠦ ᠭᠤᠣᠯ ᠰᠡᠳᠦᠪᠲᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠲᠡᠭᠦᠰ ᠠᠮᠵᠢᠯᠲᠠ ᠤᠯᠪᠠ
ᠨᠡᠶᠢᠲᠡᠯᠡᠭᠰᠡᠨ ᠴᠠᠭ᠄
2023/12/6
    ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠳᠤ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠪᠣᠯᠤᠨ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 11 ᠰᠠᠷ᠎ᠠ ᠶᠢᠨ 30 ᠤ ᠡᠳᠦᠷ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠵᠢᠯᠯᠠᠭ᠎ᠠ ᠶᠢ ᠬᠠᠮᠲᠤᠷᠠᠨ ᠡᠷᠭᠢᠯᠡᠪᠡ᠃     ᠲᠣᠰ ᠤᠳᠠᠭᠠᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠳᠠᠭᠤᠤ ᠪᠥᠵᠢᠭ᠂ ᠤᠷᠠᠨ ᠤᠩᠰᠢᠯᠭ᠎ᠠ ᠵᠡᠷᠭᠡ ᠣᠯᠠᠨ‌ᠵᠦ᠋ᠢᠯ ᠤᠨ ᠤᠷᠠᠯᠢᠭ ᠤᠨ ᠬᠡᠯᠪᠡᠷᠢ ᠶᠢ ᠬᠠᠮᠤᠷᠴᠤ᠂ ᠮᠠᠰᠢ ᠣᠯᠠᠨ ᠰᠢᠯᠢᠳᠡᠭ ᠵᠣᠬᠢᠶᠠᠨ ᠪᠦᠲᠦᠭᠡᠯᠭᠡ ᠶᠢᠨ ᠪᠦᠲᠦᠭᠡᠯ ᠢ ᠴᠤᠭᠯᠠᠭᠤᠯᠤᠭᠰᠠᠨ ᠪᠠᠶᠢᠨ᠎ᠠ᠃ ᠡᠲᠡᠭᠡᠷ ᠪᠦᠲᠦᠭᠡᠯ ᠨᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠳᠬ᠎ᠠ ᠤᠷᠠᠯᠢᠭ ᠤᠨ ᠬᠦᠷᠢᠶᠡᠨ ᠳᠠᠬᠢ ᠢᠳᠡᠪᠬᠢᠲᠡᠶ ᠰᠥᠪᠡᠭᠴᠢᠯᠡᠯᠲᠡ ᠪᠠ ᠰᠢᠨ᠎ᠡ ᠡᠭᠦᠳᠦᠯᠲᠡ ᠶᠢ ᠭᠦᠢᠴᠡᠳ ᠬᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠶᠢᠨ ᠰᠠᠶᠢᠬᠠᠨ ᠬᠡᠷ ᠣᠷᠣᠨ ᠢᠶᠠᠨ ᠪᠥᠲᠥᠭᠡᠨ ᠪᠠᠶᠢᠭᠤᠯᠬᠤ᠂ ᠰᠣᠶᠣᠯ ᠤᠨ ᠴᠡᠴᠡᠭᠯᠡᠯᠲᠡ ᠶᠢ ᠠᠬᠢᠭᠤᠯᠬᠤ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠬᠢ ᠴᠢᠷᠮᠠᠶᠢᠯᠭ᠎ᠠ ᠶᠢ ᠬᠠᠷᠠᠭᠤᠯᠤᠭᠰᠠᠨ ᠪᠠᠶᠢᠨ᠎ᠠ᠃     ᠲᠣᠰ ᠤᠳᠠᠭᠠᠨ ᠤ ᠠᠵᠢᠯᠯᠠᠭ᠎ᠠ ᠨᠢ ᠤᠳᠬ᠎ᠠ ᠤᠷᠠᠯᠢᠭ ᠤᠨ ᠬᠦᠴᠦᠨ ᠢᠶᠠᠷ ᠳᠠᠮᠵᠢᠭᠤᠯᠤᠨ᠂ ᠪᠣᠳᠠᠲᠠᠶ ᠪᠥᠭᠡᠳ ᠲᠥᠷᠥᠭᠳᠡᠯ ᠲᠠᠢ ᠠᠷᠭ᠎ᠠ ᠮᠠᠶ᠋ᠢᠭ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠤᠬᠠᠭᠤᠯᠭ᠎ᠠ ᠬᠥᠮᠦᠵᠢᠯ ᠪᠠ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ᠂ ᠪᠦᠷᠢᠨ ᠪᠥᠷᠬᠦᠭᠦᠯᠬᠦ ᠪᠠ ᠪᠥᠬᠦ ᠠᠵᠢᠯᠲᠠᠨ ᠢᠶᠠᠷ ᠥᠷᠨᠢᠭᠦᠯᠬᠦ ᠶᠢ ᠠᠮᠵᠢᠯᠲᠠᠲᠠᠶ ᠳᠥᠯᠭᠢᠨ ᠠᠬᠢᠭᠤᠯᠪᠠ᠃ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ ᠢᠶᠠᠷ ᠪᠠᠷᠠᠬᠤ ᠦᠭᠡᠢ᠂ ᠨᠡᠩ ᠴᠤ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠨᠠᠮ ᠤᠨ ᠲᠤᠭ ᠤᠨ ᠳᠣᠣᠷ᠎ᠠ ᠪᠦᠯᠬᠦᠮᠳᠡᠵᠦ ︽ᠪᠠᠲᠤ ᠪᠠᠬᠢ ᠪᠤᠯᠤᠳ ᠲᠡᠮᠦᠷ︾ ᠪᠤᠯᠵᠤ᠂ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠬᠦ ᠶᠢ ᠬᠥᠭᠵᠢᠭᠡᠭᠰᠡᠨ ᠪᠠᠶᠢᠨ᠎ᠠ᠃  
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ