ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠶᠠᠰᠤ ᠴᠢᠨᠠᠷ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ | ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠦᠨᠡᠨᠬᠦ ᠠᠬᠢᠭᠤᠯᠵᠤ᠂ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ | ᠶᠣᠰᠣᠭᠠᠷ᠂ ᠵᠠᠯᠠᠨ ᠠᠶᠢᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠣᠨᠴᠣᠭᠤᠶ ᠬᠡᠷᠡᠭ ᠲᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠵᠠᠯᠠᠨ ᠠᠶᠢᠯ ᠬᠤᠲᠠ ᠶᠢᠨ 2022 ᠣᠨ ᠠᠴᠠ ᠨᠠᠰᠢ ᠨᠢᠭᠡᠨᠲᠡ ᠬᠡᠷᠡᠭ ᠢ ᠳᠠᠭᠤᠰᠬᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠵᠦ ᠪᠤᠷᠤᠭᠤ ᠶᠢ | ᠵᠠᠯᠠᠷᠠᠭᠤᠯᠬᠤ᠂ ᠵᠠᠰᠠᠭ ᠵᠠᠬᠢᠷᠭᠠᠨ ᠤ ᠵᠠᠷᠭᠤ ᠳᠤ ᠢᠯᠠᠭᠳᠠᠭᠰᠠᠨ ᠬᠡᠷᠡᠭ᠂ ᠵᠤᠷᠪᠤᠰ ᠳᠠᠷᠠᠭᠠᠯᠡᠨ ᠡᠮᠬᠢᠯᠡᠬᠦ ᠳᠤ ᠬᠤᠯᠪᠣᠭᠳᠠᠭᠰᠠᠨ ᠪᠣᠳᠠᠲᠠᠶ ᠵᠠᠰᠠᠭ ᠵᠠᠬᠢᠷᠭᠠᠨ ᠤ | ᠦᠢᠯᠡ ᠠᠵᠢᠯᠯᠠᠭ᠎ᠠ᠂ ᠬᠠᠤᠯᠢ ᠬᠡᠷᠡᠭᠵᠢᠭᠦᠯᠬᠦ ᠬᠦᠷᠢᠶ᠎ᠡ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠠᠭᠤᠯᠭ᠎ᠠ ᠶᠢ ᠵᠦᠢᠯ ᠳᠠᠷᠠᠭᠠᠯᠠᠨ ᠡᠮᠬᠢᠯᠡᠵᠦ᠂ ᠰᠢᠯᠲᠠᠭᠠᠨ ᠢ | ᠪᠦᠷᠢᠳᠬᠡᠨ ᠵᠠᠳᠠᠯᠤᠯᠲᠠ ᠬᠢᠨ᠎ᠠ᠃ | 2022 ᠣᠨ ᠠᠴᠠ ᠨᠠᠰᠢ᠂ ᠵᠠᠯᠠᠨ ᠠᠶᠢᠯ ᠬᠤᠲᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠰᠢᠭᠤᠳ ᠵᠠᠯᠠᠷᠠᠭᠤᠯᠤᠭᠰᠠᠨ ᠬᠡᠷᠡᠭ 31 ᠪᠠᠶᠢᠵᠤ᠂ ᠵᠠᠷᠭᠤ | ᠢᠯᠠᠭᠳᠠᠭᠰᠠᠨ ᠬᠡᠷᠡᠭ 11 ᠪᠠᠶᠢᠨ᠎ᠠ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠳᠤ ᠰᠢᠭᠤᠳ ᠪᠤᠷᠤᠭᠤ ᠪᠠᠨ ᠵᠠᠯᠠᠷᠠᠭᠤᠯᠤᠭᠰᠠᠨ ᠪᠤᠶᠤ ᠵᠠᠷᠭᠤ ᠢᠯᠠᠭᠳᠠᠭᠰᠠᠨ | ᠰᠢᠯᠲᠠᠭᠠᠨ ᠨᠢ ᠭᠤᠤᠯᠳᠠᠭᠤ᠄ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠨᠢ ᠵᠢᠷᠤᠮᠵᠢᠯ ᠥᠬᠡᠶ᠂ ᠡᠷᠬᠡ ᠠᠴᠠ ᠪᠠᠨ ᠳᠠᠪᠠᠵᠤ ᠬᠠᠷᠢᠭᠤᠯᠲᠠ ᠥᠭᠭᠦᠭᠰᠡᠨ᠂ ᠭᠤᠤᠯ | ᠭᠡᠷᠡᠴᠢ ᠪᠠᠷᠢᠮᠲᠠ ᠨᠢ ᠭᠦᠢᠴᠡᠳ ᠥᠬᠡᠶ᠂ ᠬᠠᠤᠯᠢ ᠴᠠᠭᠠᠵᠠ ᠶᠢ ᠪᠤᠷᠤᠭᠤ ᠬᠡᠷᠡᠭᠯᠡᠭᠰᠡᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ︽ | ᠰᠢᠭᠦᠯᠲᠡ ᠳᠤ ᠣᠷᠣᠯᠴᠠᠬᠤ ᠳᠤ ᠲᠠᠭᠤ ᠴᠢᠮᠡᠭᠡ ᠥᠬᠡᠶ︾ ᠵᠡᠷᠭᠡ ᠪᠣᠯᠤᠨ᠎ᠠ᠃ | ᠳᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠬᠤ ᠪᠠᠷ ᠠᠵᠠ ᠲᠣᠬᠢᠶᠠᠯ | ᠪᠣᠯᠭᠠᠵᠤ᠂ ︽ᠣᠨᠴᠠᠭᠠᠶ ᠬᠡᠷᠡᠭ ᠲᠤ ᠬᠢᠨᠠᠯᠲᠠ ᠲᠠᠯᠪᠢᠬᠤ︾ ᠪᠠᠷ ᠴᠢᠬᠤᠯᠠ ᠭᠠᠷᠳᠠᠴᠠ ᠪᠣᠯᠭᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠪᠠᠳᠠᠷᠠᠭᠤᠯᠵᠤ᠂ ᠬᠢᠨᠠᠯᠲᠠ ᠲᠠᠯᠪᠢᠬᠤ | ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠶᠢ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ | ᠠᠵᠢᠯ ᠤᠨ ᠳᠤᠮᠳᠠᠬᠢ ᠪᠠᠭᠤᠷᠠᠶ ᠭᠤᠭᠴᠤᠭ᠎ᠠ᠂ ᠲᠤᠪᠤᠶᠢᠮ᠎ᠠ ᠠᠰᠠᠭᠤᠳᠠᠯ ᠢ ᠡᠷᠢᠵᠦ᠂ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠪᠠᠳᠠᠨ᠎ᠠ᠃ |