11 ᠰᠠᠷ᠎ᠠ ᠶᠢᠨ 30 ᠤ ᠡᠳᠦᠷ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶ᠎ᠠ ᠶᠢᠨ ᠳᠠᠷᠤᠭ᠎ᠠ ᠰᠢᠤᠢ ᠰᠥᠩ 2023 ᠣᠨ ᠤ ᠢᠳᠡᠭᠳᠡᠯ ᠤᠨ ᠭᠤᠤ ᠶᠢ ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠢᠳᠡᠭᠳᠡᠯ ᠤᠨ ᠭᠤᠤ ᠶᠢ ᠵᠠᠰᠠᠬᠤ ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢ ᠭᠤᠤᠯᠳᠠᠯᠭ᠎ᠠ ᠲᠠᠢ ᠪᠠᠶᠢᠷᠢᠯᠠᠭᠤᠯᠵᠤ᠂ ᠲᠥᠷᠥᠯ ᠵᠦᠢᠯ ᠤᠨ ᠬᠠᠤᠯᠢ ᠶᠢᠨ ᠡᠷᠬᠡᠲᠡᠨ᠂ ᠵᠢᠷᠤᠵᠤ ᠲᠥᠯᠥᠪᠯᠡᠬᠦ᠂ ᠬᠢᠨᠠᠨ | ᠬᠠᠮᠢᠶᠠᠷᠬᠤ᠂ ᠪᠠᠷᠢᠯᠭ᠎ᠠ ᠪᠠᠷᠢᠬᠤ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ᠂ ᠨᠢᠭᠡ ᠳᠤ᠂ ᠪᠦᠳᠦᠭᠡᠨ ᠪᠠᠶᠢᠭᠤᠯᠤᠯᠲᠠ ᠶᠢᠨ ᠨᠢᠭᠡᠴᠡ ᠨᠢ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠤᠣᠯ ᠤᠳᠤᠷᠢᠳᠤᠮᠵᠢ ᠶᠢᠨ | ᠦᠢᠯᠡᠳᠦᠯ ᠢᠶᠠᠨ ᠪᠠᠳᠠᠷᠠᠭᠤᠯᠵᠤ᠂ ᠶᠠᠰᠤ ᠴᠢᠨᠠᠷ ᠤᠨ ᠡᠵᠡᠮᠳᠡᠯ ᠪᠣᠯᠤᠨ ᠠᠬᠢᠴᠠ ᠶᠢᠨ ᠡᠵᠡᠮᠳᠡᠯ ᠢᠶᠠᠨ ᠴᠢᠩᠭᠠᠳᠬᠠᠬᠤ ᠬᠡᠷᠡᠭᠲᠡᠢ︔ ᠬᠤᠶᠠᠷ ᠲᠤ᠂ ᠵᠢᠷᠤᠵᠤ | ᠲᠥᠯᠥᠪᠯᠡᠬᠦ ᠨᠢᠭᠡᠴᠡ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠬᠠᠶ ᠶᠢᠨ ᠲᠠᠯᠠᠪᠤᠷ ᠤᠨ ᠬᠢᠨᠠᠨ ᠵᠢᠯᠣᠭᠤᠳᠴᠤ ᠪᠠᠶᠢᠴᠠᠭᠠᠬᠤ ᠱᠠᠭᠠᠷᠳᠠᠯᠭ᠎ᠠ ᠶᠣᠰᠣᠭᠠᠷ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠵᠢᠷᠤᠵᠤ ᠲᠥᠯᠥᠪᠯᠡᠬᠦ ᠠᠭᠤᠯᠭ᠎ᠠ ᠪᠠᠨ ᠰᠢᠯᠢᠳᠡᠭᠵᠢᠭᠦᠯᠵᠦ᠂ ᠪᠠᠷᠢᠯᠭ᠎ᠠ ᠶᠢᠨ ᠠᠵᠢᠯ ᠤᠨ | ᠲᠥᠰᠦᠯ ᠢᠶᠠᠨ ᠴᠠᠭ ᠲᠤᠬᠠᠶ ᠳᠤᠨᠢ ᠳᠣᠭᠢᠷᠠᠭᠤᠯᠬᠤ ᠬᠡᠷᠡᠭᠲᠡᠶ︔ ᠭᠤᠷᠪᠠ ᠳᠤ ᠬᠢᠨᠠᠨ ᠬᠠᠮᠢᠶᠠᠷᠬᠤ ᠨᠢᠭᠡᠴᠡ ᠨᠦᠭᠦᠳ ᠬᠢᠨᠠᠨ ᠬᠠᠮᠢᠶᠠᠷᠬᠤ ᠦᠢᠯᠡᠳᠥᠯ ᠢᠶᠠᠨ | ᠰᠠᠶᠢᠲᠤᠷ ᠪᠠᠳᠠᠷᠠᠭᠤᠯᠵᠤ᠂ ᠬᠢᠨᠠᠨ ᠬᠠᠮᠢᠶᠠᠷᠬᠤ ᠠᠵᠢᠯ ᠤᠨ ᠲᠦᠷᠢᠮ ᠢ ᠵᠢᠷᠤᠮᠵᠢᠭᠤᠯᠤᠨ᠂ ᠪᠠᠷᠢᠯᠭ᠎ᠠ ᠶᠢᠨ ᠣᠨᠴᠠᠯᠢᠭ᠂ ᠪᠠᠷᠢᠯᠭ᠎ᠠ ᠶᠢᠨ ᠬᠤᠭᠤᠴᠠᠭ᠎ᠠ᠂ ᠪᠣᠳᠠᠰ ᠤᠨ | ᠮᠠᠲ᠋ᠧᠷᠢᠶᠠᠯ᠂ ᠬᠥᠮᠦᠨ ᠤ ᠬᠦᠴᠦᠨ ᠪᠠ ᠮᠧᠬᠠᠨᠢᠭ ᠵᠡᠷᠭᠡ ᠣᠯᠠᠨ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠶᠠᠰᠤ ᠴᠢᠨᠠᠷ ᠢ ᠡᠵᠡᠮᠳᠡᠬᠦ | ᠭᠤᠤᠯᠳᠠᠯᠭ᠎ᠠ ᠶᠢ ᠡᠷᠢᠵᠦ ᠭᠠᠷᠭᠠᠬᠤ ᠬᠡᠷᠡᠭᠲᠡᠶ︔ ᠲᠦᠷᠪᠡ ᠳᠤ ᠪᠠᠷᠢᠯᠭ᠎ᠠ ᠶᠢᠨ ᠨᠢᠭᠡᠴᠢ ᠨᠦᠭᠦᠳ ᠪᠠᠷᠢᠯᠭ᠎ᠠ ᠶᠢᠨ ᠠᠶᠤᠯᠭᠦᠶ ᠦᠢᠯᠡᠳᠪᠦᠷᠢᠯᠡᠯ ᠤᠨ ᠲᠦᠷᠢᠮ ᠢ | ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠶᠤᠯᠭᠦᠶ ᠪᠠᠶᠢᠬᠤ ᠶᠢ ᠦᠨᠡᠨ ᠬᠦ ᠪᠠᠲᠤᠯᠠᠵᠤ᠂ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠠᠬᠢᠴᠠ ᠶᠢ ᠠᠮᠵᠢᠨ | ᠠᠳᠬᠤᠵᠤ᠂ ᠲᠣᠭᠲᠠᠭᠰᠠᠨ ᠬᠤᠭᠤᠴᠠᠭᠠᠨ ᠳᠠᠭᠠᠨ ᠪᠠᠷᠢᠯᠭ᠎ᠠ ᠶᠢᠨ ᠠᠵᠢᠯ ᠢᠶᠠᠨ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠲᠠᠷᠠᠭᠠᠴᠢ ᠶᠢᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ ᠃ |