︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ   ᠤᠨ ᠡᠪᠦᠯ ᠤᠨ ᠤᠯᠠᠷᠢᠯ ᠤᠨ ᠪᠡᠶ᠎ᠡ ᠵᠢᠨ‌‍ᠲ᠋ᠠᠮᠢᠷ ᠤᠨ    ᠴᠤᠭᠯᠠᠭᠠᠨ︾  ᠤ ᠬᠤᠳᠠ ᠶᠢᠨ ᠬᠠᠮᠢᠶᠠᠷᠤᠯᠲᠠ ᠶᠢᠨ ᠠᠵᠢᠯᠯᠠᠭ᠎ᠠ ᠳᠤ ᠬᠦᠴᠦᠨ ᠨᠡᠮᠡᠷᠢᠯᠡᠨ᠎ᠡ — ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/7
    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠤᠭᠲᠤᠬᠤ ᠶᠢᠨ ᠲᠥᠯᠥᠭᠡ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ︽ᠨᠢᠭᠡ ᠬᠤᠷᠠᠯ ᠢ ᠰᠠᠶᠢᠲᠤᠷ ᠡᠷᠭᠢᠯᠡᠵᠦ᠂ ᠨᠢᠭᠡ ᠬᠤᠲᠠ ᠶᠢ ᠳᠡᠭᠡᠭᠰᠢᠯᠡᠭᠦᠯᠬᠦ︾ ᠠᠵᠢᠯ ᠤᠨ ᠬᠠᠷᠠᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠪᠥᠬᠦ ᠠᠷᠠᠳ ᠢᠶᠠᠷ ᠢᠶᠠᠨ ᠣᠷᠣᠯᠴᠠᠵᠤ᠂ ᠪᠥᠬᠦ ᠲᠠᠯ᠎ᠠ ᠶᠢ ᠬᠠᠮᠤᠷᠬᠤ︾ ᠴᠤᠭᠯᠠᠭᠠᠨ ᠡᠷᠭᠢᠯᠡᠬᠦ ᠠᠭᠤᠷ ᠠᠮᠢᠰᠬᠤᠯ ᠢ ᠦᠨᠡᠨ ᠬᠦ ᠪᠣᠶ ᠪᠣᠯᠭᠠᠪᠠ᠃     ᠣᠶᠢᠷ᠎ᠠ ᠳᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ︽ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ︾ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ︽ᠵᠠᠯᠠᠨ ᠠᠶᠢᠯ ᠬᠤᠲᠠ ᠶᠢᠨ ᠡᠪᠦᠯ ᠤᠨ ᠤᠯᠠᠷᠢᠯ ᠤᠨ ᠴᠠᠰᠤ ᠠᠷᠢᠯᠭᠠᠬᠤ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠴᠠᠰᠤ ᠠᠷᠢᠯᠭᠠᠬᠤ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠲᠠᠪᠴᠠᠩ᠂ LED ᠳᠡᠯᠭᠡᠴᠡ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠬᠤᠲᠠ ᠶᠢᠨ ᠲᠣᠭᠤᠷᠢᠭ ᠤᠨ ᠭᠤᠤᠯ ᠵᠠᠮ᠂ ᠠᠷᠠᠯᠵᠢᠶ᠎ᠠ ᠬᠤᠳᠠᠯᠳᠤᠭ᠎ᠠ ᠵᠡᠷᠭᠡ ᠭᠤᠤᠯᠳᠠᠯᠭ᠎ᠠ ᠲᠠᠢ ᠲᠠᠯᠠᠪᠤᠷ ᠲᠤ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠬᠠᠮᠢᠶ᠎ᠠ ᠪᠥᠬᠦᠶ ᠡᠯᠧᠮᠧᠨ᠋ᠲ ᠢ ᠤᠬᠠᠭᠤᠯᠤᠨ ᠨᠡᠪᠲᠡᠷᠡᠭᠦᠯᠵᠦ᠂ ᠮᠥᠰᠥ ᠴᠠᠰᠤᠨ ᠤ ᠪᠡᠶ᠎ᠡ ᠴᠢᠭᠢᠷᠠᠭᠵᠢᠭᠤᠯᠬᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠰᠣᠶᠣᠯ ᠵᠢᠴᠢ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠰᠣᠶᠣᠯ ᠤᠨ ᠠᠭᠤᠯᠤᠭᠳᠠᠬᠤᠨ ᠢ ᠤᠯᠠᠮᠵᠢᠯᠠᠨ ᠲᠠᠷᠬᠠᠭᠠᠵᠤ᠂ ᠬᠤᠲᠠ ᠶᠢᠨ ᠠᠷᠠᠳ ᠤᠨ ᠤᠷᠤᠯᠳᠤᠭᠠᠨ ᠤ ᠲᠤᠬᠠᠶ ᠣᠶᠢᠯᠠᠭᠠᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠳᠠᠷᠠᠭᠠᠴᠢ ᠶᠢᠨ ᠠᠯᠬᠤᠮ ᠳᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠪᠠ ᠤᠬᠠᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠤᠲᠠ ᠶᠢᠨ ︽ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠵᠢᠷᠤᠬᠤ᠂ ᠳᠤᠷ᠎ᠠ ᠪᠠᠷ ᠢᠶᠠᠨ ᠠᠰᠬᠠᠵᠤ ᠬᠠᠶᠠᠬᠤ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ︾ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠪᠣᠯᠪᠠᠰᠤᠨ ᠪᠤᠰᠤ  ᠦᠢᠯᠡ ᠠᠵᠢᠯᠯᠠᠭ᠎ᠠ ᠪᠠᠷ ᠭᠤᠤᠯᠳᠠᠯᠭ᠎ᠠ ᠪᠣᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠪᠥᠬᠦ ᠬᠦᠴᠦᠨ ᠢᠶᠠᠷ ᠢᠶᠠᠨ ᠬᠦᠷᠦᠯᠴᠡᠬᠦ ᠥᠬᠡᠶ ᠲᠠᠯ᠎ᠠ ᠶᠢ ᠪᠠᠶᠢᠴᠠᠭᠠᠨ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠶ ᠲᠠᠯ᠎ᠠ ᠶᠢ ᠰᠢᠪᠲᠤᠯᠵᠤ᠂ ᠬᠤᠲᠠ ᠶᠢᠨ ᠴᠢᠳᠠᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾  ᠤ ᠬᠤᠭᠤᠴᠠᠭᠠᠨ ᠳᠠᠬᠢ ᠬᠤᠲᠠ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃
ᠢᠷᠡᠯᠲᠡ᠄ ᠵᠠᠯᠡᠨ ᠠᠶᠢᠯ ᠬᠤᠳᠠ ᠶᠢᠨ ᠵᠠᠰᠠᠭ ᠤᠨ ᠤᠷᠳᠤᠨ