ᠭᠠᠳᠠᠭᠰᠢ ᠨᠡᠭᠡᠭᠡᠯᠲᠡ ᠬᠢᠬᠦ ᠶᠡᠭᠡ ᠵᠠᠮ ᠢ ᠲᠦᠷᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2023/12/7
    ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠠᠯᠠᠱᠠ ᠶᠢᠨ ᠪᠣᠭᠤᠮᠲᠠ ᠠᠴᠠ ᠭᠠᠷᠴᠤ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠪᠠᠺᠲ᠋ᠦ᠋ ᠬᠢᠯᠢ ᠶᠢᠨ ᠪᠣᠭᠤᠮᠲᠠ ᠠᠴᠠ ᠴᠤᠪᠤᠷᠠᠨ ᠭᠠᠷᠴᠤ᠂ ᠪᠠᠷᠠᠭ᠎ᠠ ᠳᠦᠭᠦᠷᠡᠩ ᠠᠴᠢᠭᠰᠠᠨ ᠴᠢᠩᠭᠡᠯᠢᠭ᠌ᠳᠤ ᠠᠴᠢᠶᠠᠨ ᠤ ᠮᠠᠰᠢᠨ ᠲᠡᠷᠭᠡ ᠬᠤᠩ ᠴᠢ ᠯᠡ ᠹᠦ᠋ ᠬᠢᠯᠢ ᠶᠢᠨ ᠪᠣᠭᠤᠮᠲᠠ ᠪᠠᠷ ᠦᠩᠭᠡᠷᠡᠨ᠎ᠡ ᠁ ᠤᠢᠢᠷ᠎ᠠ ᠶᠢᠨ ᠵᠢᠯ ᠳᠤ᠂ ᠮᠠᠨ ᠤ ᠤᠯᠤᠰ ᠤᠨ ᠭᠠᠳᠠᠭᠠᠳᠤ ᠨᠡᠭᠡᠭᠡᠯᠳᠠ ᠪᠠᠨ ᠥᠷᠭᠡᠳᠬᠡᠬᠦ ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠵᠡᠷᠭᠡ ᠶᠢ ᠭᠦᠨᠵᠡᠭᠡᠢ ᠠᠬᠢᠭᠤᠯᠬᠤ ᠶᠢ ᠳᠠᠭᠠᠯᠳᠤᠨ᠂ ᠰᠢᠨᠵᠢᠶᠠᠩ ᠬᠠᠷᠢᠴᠠᠩᠭᠤᠢ ᠲᠦᠭᠵᠢᠮᠡᠯ ᠳᠣᠲᠣᠭᠠᠳᠤ ᠬᠠᠭᠤᠷᠠᠢ ᠪᠠᠶᠢᠭᠰᠠᠨ ᠠᠴᠠ ᠪᠠᠨ ᠭᠠᠳᠠᠭᠠᠳᠤ ᠨᠡᠭᠡᠭᠡᠯᠳᠠ ᠶᠢᠨ ᠬᠤᠰᠢᠭᠤᠴᠢ ᠪᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠭᠠᠨ ᠥᠨᠳᠥᠷ ᠲᠦᠪᠰᠢᠨ ᠲᠠᠢ ᠭᠠᠳᠠᠭᠠᠳᠤ ᠨᠡᠭᠡᠭᠡᠯᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠪᠡ᠃ ᠰᠢᠨᠵᠢᠶᠠᠩ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠂ ᠣᠶᠢᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ︽ᠳᠤᠮᠳᠠᠳᠤ ᠤᠯᠤᠰ ︵ᠰᠢᠨᠵᠢᠶᠠᠩ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠶᠡᠷᠦᠩᠬᠡᠶ ᠲᠥᠰᠦᠯ︾ ᠢ ᠳᠠᠷᠤᠮᠠᠯᠯᠠᠨ ᠲᠠᠷᠬᠠᠭᠠᠪᠠ᠂ ᠲᠥᠰᠦᠯ ᠢ ᠬᠡᠷᠡᠭᠵᠢᠭᠦᠯᠬᠦ ᠶᠠᠪᠤᠳᠠᠯ ᠨᠢ ᠠᠽᠢᠶ᠎ᠠ ᠧᠦ᠋ᠷᠣᠫᠠ ᠶᠢᠨ ᠰᠢᠵᠢᠷ ᠠᠯᠲᠠᠨ ᠵᠠᠮ ᠪᠠ ᠮᠠᠨ ᠤ ᠤᠯᠤᠰ ᠤᠨ ᠪᠠᠷᠠᠭᠤᠨᠰᠢ ᠨᠡᠭᠡᠭᠡᠯᠲᠡ ᠬᠢᠬᠦ ᠪᠠᠬᠢᠯᠡᠯᠲᠡ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠳᠤᠮᠳᠠᠳᠤ ᠤᠯᠤᠰ ᠳᠤᠮᠳᠠ ᠠᠽᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠨᠢ ᠯᠠᠪᠲᠠᠶ ᠶᠤᠮ᠃    ︽ᠲᠠᠪᠤᠨ ᠪᠣᠭᠤᠮᠲᠠ ᠨᠠᠢᠮᠠᠨ ᠤᠯᠤᠰ ᠲᠤ ᠨᠡᠪᠲᠡᠷᠡᠵᠦ᠂ ᠨᠢᠭᠡ ᠵᠠᠮ ᠧᠦ᠋ᠷᠣᠫᠠ ᠠᠽᠢᠶ᠎ᠠ ᠳᠤ ᠨᠡᠪᠲᠡᠷᠡᠨ᠎ᠡ︾᠃ ᠰᠢᠨᠵᠢᠶᠠᠩ ᠨᠢ ᠠᠽᠢᠶ᠎ᠠ ᠧᠦ᠋ᠷᠣᠫᠠ ᠶᠢᠨ ᠡᠬᠡ ᠬᠠᠭᠤᠷᠠᠶ ᠶᠢᠨ ᠥᠷᠥᠴᠡ ᠭᠠᠵᠠᠷ ᠲᠤ ᠪᠠᠶᠢᠷᠢᠯᠠᠵᠤ᠂ ᠮᠠᠨ ᠤ ᠤᠯᠤᠰ ᠤᠨ ᠡᠬᠡ ᠬᠠᠭᠤᠷᠠᠶ ᠶᠢᠨ ᠪᠣᠭᠤᠮᠲᠠ ᠬᠠᠮᠤᠭ ᠤᠨ ᠣᠯᠠᠨ ᠪᠠᠶᠢᠬᠤ ᠮᠤᠵᠢ ᠪᠤᠯᠬᠤ ᠪᠦᠭᠡᠳ ᠲᠣᠷᠭᠠᠨ ᠵᠠᠮ ᠤᠨ ᠠᠵᠤ ᠠᠬᠤᠶ ᠶᠢᠨ ᠪᠦᠰᠡ ᠶᠢ ᠪᠥᠲᠥᠭᠡᠨ ᠪᠠᠶᠢᠭᠤᠯᠬᠤ ᠳᠤ ᠣᠷᠣᠯᠠᠭᠤᠯᠵᠤ ᠪᠣᠯᠤᠰᠢ ᠥᠬᠡᠶ ᠪᠠᠶᠢᠷᠢ ᠰᠠᠭᠤᠷᠢ ᠪᠠ ᠦᠢᠯᠡᠳᠦᠯ ᠲᠠᠢ ᠶᠤᠮ ᠃ ︽ᠰᠢᠨᠵᠢᠶᠠᠩ ᠤᠨ ᠣᠷᠣᠨ ᠪᠦᠰᠡ ᠶᠢᠨ ᠴᠢᠨᠠᠷᠲᠠᠶ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠤᠯᠤᠰ ᠤᠨ ᠪᠠᠷᠠᠭᠤᠨᠰᠢ ᠨᠡᠭᠡᠭᠡᠯᠲᠡ ᠬᠢᠬᠦ ᠶᠡᠷᠦᠩᠬᠡᠶ ᠪᠠᠶᠢᠷᠢᠯᠠᠭᠤᠯᠤᠯᠲᠠ ᠳᠤ ᠣᠷᠣᠭᠤᠯᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠪᠠᠶᠢᠭᠤᠯᠤᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠭᠠᠳᠠᠭᠰᠢ ᠨᠡᠭᠡᠭᠡᠯᠲᠡ ᠬᠢᠬᠦ ᠶᠡᠭᠡ ᠵᠠᠮ ᠢ ᠲᠦᠷᠭᠡᠨ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠢ ᠨᠡᠩ ᠰᠠᠶᠢᠳᠤᠷ ᠠᠰᠢᠭᠯᠠᠵᠤ᠂ ᠬᠤᠶᠠᠷ ᠵᠦᠢᠯ ᠤᠨ ᠡᠬᠢ ᠪᠠᠶᠠᠯᠢᠭ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠲᠡᠭᠦᠨ ᠲᠠᠢ ᠠᠭᠤᠰᠤᠯᠴᠠᠨ᠎ᠠ︾ ᠭᠡᠵᠦ ᠶᠡᠷᠦᠩᠬᠡᠢ ᠱᠦᠵᠢ ᠰᠢ ᠶᠢᠨ ᠫᠢᠩ ᠪᠠᠶᠢᠯᠳᠤᠬᠤ ᠪᠤᠳᠤᠯᠭ᠎ᠠ ᠪᠣᠯᠤᠨ ᠪᠦᠬᠦ ᠲᠠᠯ᠎ᠠ ᠶᠢᠨ ᠦᠨᠳᠦᠷᠴᠡ ᠠᠴᠠ ᠰᠢᠨᠵᠢᠶᠠᠩ ᠤᠨ ᠢᠷᠡᠭᠡᠳᠦᠢ ᠶᠢ ᠲᠦᠯᠦᠪᠵᠢᠬᠦᠯᠵᠦ᠂ ᠰᠢᠨᠵᠢᠶᠠᠩ ᠤᠨ ᠳᠣᠲᠣᠭᠠᠳᠤ ᠬᠠᠭᠤᠷᠠᠶ ᠶᠢᠨ ᠨᠡᠭᠡᠭᠡᠯᠲᠡ ᠪᠠ ᠬᠢᠯᠢ ᠳᠠᠭᠠᠤ ᠶᠢᠨ ᠨᠡᠭᠡᠭᠡᠯᠲᠡ ᠶᠢᠨ ᠥᠨᠳᠦᠷᠯᠢᠭ ᠭᠠᠵᠠᠷ ᠢ ᠲᠦᠷᠭᠡᠨ ᠪᠠᠶᠢᠭᠤᠯᠵᠦ ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠨᠠᠩ ᠰᠠᠶᠢᠨ ᠠᠭᠤᠰᠤᠯᠴᠠᠬᠤ ᠶᠢ ᠪᠡᠶ᠎ᠡ ᠪᠠᠷ ᠢᠶᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠦ᠂ ᠪᠡᠶ᠎ᠡ ᠪᠠᠷ ᠢᠶᠠᠨ ᠠᠬᠢᠭᠤᠯᠵᠦ᠂ ᠰᠢᠨᠵᠢᠶᠠᠩ ᠤᠨ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠬᠦᠨᠵᠡᠭᠡᠶᠢᠷᠡᠭᠦᠯᠦᠨ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠠᠬᠢᠭᠤᠯᠵᠤ ᠨᠠᠩ ᠴᠢᠨᠠᠷ ᠰᠠᠶᠢᠲᠠᠶ᠂ ᠨᠠᠩ ᠥᠨᠳᠥᠷ ᠲᠦᠪᠰᠢᠨ ᠪᠥᠬᠦᠶ ᠰᠢᠨ᠎ᠡ ᠬᠥᠭᠵᠢᠯᠲᠡ ᠶᠢᠨ ᠳᠤᠮᠳᠠ ᠰᠢᠨ᠎ᠡ ᠡᠭᠦᠷᠭᠡ ᠬᠠᠷᠢᠭᠤᠴᠠᠯᠭ᠎ᠠ ᠡᠭᠦᠷᠭᠡᠯᠡᠵᠦ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠳᠤ ᠴᠢᠷᠮᠠᠶᠢᠬᠤ ᠴᠢᠭᠯᠡᠯ ᠢ ᠲᠣᠳᠣᠷᠬᠠᠶ ᠵᠢᠭᠠᠨ ᠦᠭᠴᠦ᠂ ᠴᠢᠬᠤᠯᠠ ᠵᠢᠷᠤᠮᠯᠠᠯ ᠬᠠᠩᠭᠠᠪᠠ᠃    ᠡᠭᠦᠷᠭᠡ ᠬᠠᠷᠢᠭᠤᠴᠠᠯᠭ᠎ᠠ ᠬᠥᠮᠦᠰ ᠢ ᠵᠣᠷᠢᠭᠵᠢᠭᠤᠯᠵᠤ᠂ ᠪᠣᠳᠠᠲᠠᠢ ᠠᠵᠢᠯᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ᠃ ᠦᠷᠦᠮᠴᠢ ᠶᠢᠨ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠤᠯᠠᠨ ᠤᠯᠤᠰ ᠤᠨ ᠠᠷᠠᠯᠵᠢᠶ᠎ᠠ ᠬᠤᠳᠠᠯᠳᠤᠭ᠎ᠠ᠂ ᠲᠡᠷᠢᠭᠦᠨ ᠤ ᠦᠢᠯᠡᠳᠬᠦ ᠦᠢᠯᠡᠰ᠂ ᠳᠡᠭᠡᠳᠦ ᠲᠡᠰ ᠤᠨ ᠦᠢᠯᠡᠴᠢᠯᠡᠭᠡ ᠬᠠᠮᠵᠢᠯᠴᠠᠭᠰᠠᠨ ᠬᠥᠭᠵᠢᠯᠲᠡ ᠶᠢᠨ ᠨᠡᠭᠡᠭᠡᠯᠲᠡᠲᠦ ᠬᠡᠯᠪᠡᠷᠢ ᠶᠢᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ︔ ᠺᠠᠱᠭᠠᠷ᠂ ᠬᠤᠷᠭᠤᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠ ᠠᠽᠢᠶ᠎ᠠ᠂ ᠪᠠᠷᠠᠭᠤᠨ ᠠᠽᠢᠶ᠎ᠠ᠂ ᠡᠮᠦᠨᠡᠲᠦ ᠠᠽᠢᠶ᠎ᠠ ᠪᠠ ᠧᠦ᠋ᠷᠣᠫᠠ ᠲᠢᠪ ᠲᠤ ᠬᠠᠨᠳᠤᠭᠤᠯᠤᠭᠰᠠᠨ ᠣᠨᠴᠠᠯᠢᠭᠲᠤ ᠠᠵᠤ ᠦᠢᠯᠡᠰ ᠤᠨ ᠴᠤᠬᠯᠠᠷᠠᠯ ᠢ ᠪᠠᠶᠢᠭᠤᠯᠤᠨ᠎ᠠ︔ ᠪᠣᠭᠤᠮᠲᠠ ᠶᠢᠨ ᠠᠵᠤ ᠠᠬᠤᠶ ᠶᠢᠨ ᠪᠦᠰᠡ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠦ᠂ ᠪᠣᠭᠤᠮᠲᠠ ᠶᠢᠨ ᠣᠷᠣᠨ ᠪᠠᠶᠢᠷᠢ ᠲᠣᠭᠲᠠᠭᠠᠬᠤ ᠴᠢᠳᠠᠮᠵᠢ ᠵᠢᠴᠢ ᠢᠵᠢ ᠪᠦᠷᠢᠳᠦᠭᠦᠯᠬᠦ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠎ᠡ︔ ᠳᠤᠮᠳᠠᠳᠤ ᠤᠯᠤᠰ ᠠᠽᠢᠶ᠎ᠠ ᠧᠦ᠋ᠷᠣᠫᠠ ᠶᠢᠨ ᠦᠵᠡᠰᠬᠦᠯᠡᠩ ᠤᠨ ᠴᠤᠭᠯᠠᠭᠠᠨ ᠢ ᠡᠷᠬᠢᠯᠡᠵᠦ᠂ ᠰᠢᠨᠵᠢᠶᠠᠩ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠤᠨ᠎ᠠ ᠁ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠢ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠶᠠᠩ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠳᠠᠭᠰᠢ ᠨᠡᠭᠡᠭᠡᠯᠲᠡ ᠬᠢᠬᠦ ᠠᠴᠢᠶᠠᠯᠠᠭᠪᠤᠷᠢ ᠶᠢ ᠪᠠᠶᠠᠯᠢᠭᠵᠢᠭᠤᠯᠵᠤ᠂ ᠭᠠᠳᠠᠭᠰᠢ ᠨᠡᠭᠡᠭᠡᠯᠲᠡ ᠬᠢᠬᠦ ᠲᠦᠪᠰᠢᠨ ᠢ ᠳᠡᠭᠡᠭᠰᠢᠯᠡᠭᠦᠯᠵᠦ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠪᠠᠶᠢᠭᠤᠯᠤᠯ ᠤᠨ ᠲᠠᠯ᠎ᠠ ᠪᠠᠷ ᠰᠢᠨ᠎ᠡ ᠶᠢ ᠡᠭᠦᠳᠴᠡᠢ᠃ 2022 ᠣᠨ ᠳᠤ᠂ ᠰᠢᠨᠵᠢᠶᠠᠩ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠪᠠ ᠭᠠᠷᠭᠠᠯᠲᠠ ᠶᠢᠨ ᠶᠡᠷᠦᠩᠬᠡᠶ ᠥᠷᠲᠡᠭ 2463.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 57% ᠪᠠᠷ ᠨᠡᠮᠡᠭᠳᠡᠪᠡ᠃ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠰᠢᠨᠵᠢᠶᠠᠩ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠪᠠ ᠭᠠᠷᠭᠠᠯᠲᠠ ᠶᠢᠨ ᠶᠡᠷᠦᠩᠬᠡᠶ ᠥᠷᠲᠡᠭ 2528.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 47.3% ᠪᠠᠷ ᠨᠡᠮᠡᠭᠳᠡᠪᠡ᠃ ᠥᠨᠥᠳᠦᠷ ᠤᠨ ᠰᠢᠨᠵᠢᠶᠠᠩ ᠳᠤ᠂ ︽ᠨᠢᠭᠡ ᠪᠦᠰᠡ ᠨᠢᠭᠡ ᠵᠠᠮ︾ ᠤᠨ ᠭᠤᠣᠯ ᠣᠷᠣᠨ ᠤ ᠪᠦᠳᠦᠬᠡᠨ ᠪᠠᠶᠢᠭᠤᠯᠤᠯᠲᠠ ᠨᠢ ᠴᠢᠬᠤᠯᠠ ᠱᠠᠳᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠨᠡᠬᠡᠬᠡᠯᠳᠡ ᠬᠢᠵᠦ ᠬᠠᠮᠲᠤᠷᠠᠯᠴᠠᠬᠤ ᠣᠷᠣᠨ ᠵᠠᠢ ᠳᠠᠰᠤᠷᠠᠯᠳᠠ ᠦᠬᠡᠢ ᠥᠷᠭᠡᠵᠢᠵᠦ᠂ ᠬᠤᠯᠪᠣᠯᠳᠤᠨ ᠨᠡᠪᠲᠡᠷᠡᠯᠴᠡᠬᠦ ᠲᠦᠪᠰᠢᠨ ᠦᠷᠭᠦᠯᠵᠢᠯᠡᠨ ᠳᠡᠭᠡᠭᠰᠢᠯᠡᠵᠦ᠂ ︽ᠵᠡᠬᠦᠨ ᠤᠷᠤᠨ ᠲᠠᠯᠠᠢ ᠲᠠᠭᠠᠤ ᠤᠷᠤᠨ ᠤ ᠪᠠᠷᠠᠭ᠎ᠠ ᠶᠢ ᠰᠢᠨᠵᠢᠶᠠᠩ ᠢᠶᠠᠷ ᠲᠠᠮᠵᠢᠭᠤᠯᠤᠨ ᠲᠤᠮᠳᠠ ᠠᠽᠢᠶ᠎ᠠ ᠧᠦ᠋ᠷᠣᠫᠠ ᠳᠤ ᠭᠠᠷᠭᠠᠬᠤ︾ ︽ᠳᠤᠮᠳᠠ ᠠᠽᠢᠶ᠎ᠠ ᠧᠦ᠋ᠷᠣᠫᠠ ᠶᠢᠨ ᠪᠠᠷᠠᠭ᠎ᠠ ᠶᠢ ᠰᠢᠨᠵᠢᠶᠠᠩ ᠢᠶᠠᠷ ᠲᠠᠮᠵᠢᠭᠤᠯᠤᠨ ᠲᠤᠳᠤᠷ ᠭᠠᠵᠠᠷ ᠵᠡᠬᠦᠨ ᠤᠷᠤᠨ ᠳᠤ ᠤᠷᠤᠭᠤᠯᠬᠤ︾ ᠶᠠᠪᠤᠴᠠ ᠳᠤ ᠥᠨᠳᠥᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ ᠪᠠᠶᠢᠨ᠎ᠠ᠃ ᠲᠡᠦᠬᠡ ᠶᠢᠨ ᠶᠡᠭᠡ ᠬᠠᠨᠳᠤᠰᠢ ᠶᠢᠨ ᠡᠷᠴᠢᠨ ᠲᠡᠭᠡᠷ᠎ᠡ ᠯᠠᠪᠳᠠᠭᠤᠨ ᠤᠷᠤᠭᠰᠢᠯᠠᠵᠤ᠂ ᠬᠥᠮᠦᠨ ᠤ ᠶᠢᠷᠲᠢᠨᠴᠦ ᠶᠢᠨ ᠵᠥᠪ ᠵᠠᠮ ᠢᠶᠠᠷ ᠬᠤᠯᠠ ᠠᠶᠠᠯᠠᠨ᠎ᠠ᠃    ᠶᠡᠷᠦᠩᠬᠡᠶ ᠱᠦᠵᠢ ᠰᠢ ᠶᠢᠨ ᠫᠢᠩ᠄ ︽ᠰᠢᠨᠵᠢᠶᠠᠩ ᠤᠨ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠦᠢᠯᠡᠴᠢᠯᠡᠬᠦ ᠪᠠ ᠲᠡᠭᠦᠨ ᠲᠠᠢ ᠠᠭᠤᠰᠤᠯᠴᠠᠵᠤ᠂ ᠪᠣᠳᠠᠲᠠᠶ ᠠᠴᠠ ᠡᠭᠦᠰᠦᠨ ᠭᠠᠳᠠᠭᠠᠳᠤ ᠨᠡᠭᠡᠭᠡᠯᠲᠡ ᠶᠢᠨ ᠠᠵᠢᠯ ᠢ ᠰᠠᠶᠢᠲᠤᠷ ᠠᠳᠬᠤᠵᠤ᠂ ︿ᠨᠢᠭᠡ ᠪᠦᠰᠡ ᠨᠢᠭᠡ ᠵᠠᠮ﹀ ᠤᠨ ᠭᠤᠤᠯ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨᠵᠢᠶᠠᠩ ᠢ ᠮᠠᠨ ᠤ ᠤᠯᠤᠰ ᠤᠨ ᠪᠠᠷᠠᠭᠤᠨᠰᠢ ᠨᠡᠭᠡᠭᠡᠯᠲᠡ ᠬᠢᠬᠦ ᠪᠠᠬᠢᠯᠡᠯᠲᠡ ᠪᠣᠯᠭᠠᠬᠤ ᠬᠡᠷᠡᠭᠲᠡᠶ︾ ᠭᠡᠵᠦ ᠵᠢᠭᠠᠵᠣ ᠭᠠᠷᠭᠠᠪᠠ᠃ ᠤᠷᠤᠭᠰᠢᠯᠠᠯᠲᠠ ᠶᠢᠨ ᠵᠠᠮ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠦ᠂ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠦ᠂ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ︽ᠨᠢᠭᠡ ᠭᠠᠷᠠᠮ︾᠂ ᠬᠤᠶᠠᠷ ᠣᠷᠣᠨ᠂ ᠲᠠᠪᠤᠨ ᠶᠡᠭᠡ ᠲᠥᠪ᠂ ᠪᠣᠭᠤᠮᠲᠠ ᠶᠢᠨ ᠠᠵᠤ ᠠᠬᠤᠶ ᠶᠢᠨ ᠪᠦᠰᠡ︾ ᠶᠢᠨ ᠪᠥᠲᠥᠭᠡᠨ ᠪᠠᠶᠢᠭᠤᠯᠤᠯᠲᠠ ᠪᠠᠷ ᠭᠤᠤᠯ ᠰᠢᠵᠢᠮ ᠪᠤᠯᠭᠠᠨ᠂ ᠭᠠᠳᠠᠭᠰᠢ ᠨᠡᠭᠡᠭᠡᠯᠲᠡ ᠬᠢᠬᠦ ᠶᠡᠭᠡ ᠵᠠᠮ ᠢ ᠲᠦᠷᠭᠡᠨ ᠪᠠᠶᠢᠭᠤᠯᠵᠤ᠂ ᠭᠤᠤᠯᠳᠠᠯᠭ᠎ᠠ ᠲᠠᠢ ᠭᠠᠳᠠᠭᠠᠳᠤ ᠨᠡᠭᠡᠭᠡᠯᠲᠡ ᠶᠢᠨ ᠲᠠᠪᠴᠠᠩ ᠢ ᠬᠦᠴᠦᠷᠬᠡᠭᠵᠢᠭᠦᠯᠵᠤ᠂ ᠡᠷᠬᠢᠨ ᠲᠣᠭᠤᠷᠢᠨ ᠤ ᠤᠯᠤᠰ ᠯᠤᠭ᠎ᠠ ᠶᠢᠨ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠤ᠂ ᠡᠬᠡ ᠬᠠᠭᠤᠷᠠᠶ ᠳᠠᠯᠠᠢ ᠲᠠᠩᠭᠢᠰ ᠳᠣᠲᠣᠭᠠᠳᠤ ᠭᠠᠳᠠᠭᠠᠳᠤ ᠬᠤᠯᠪᠣᠭᠠᠯᠠᠨ ᠬᠥᠳᠡᠯᠦᠯᠴᠡᠬᠦ᠂ ᠵᠡᠭᠦᠨ ᠪᠠᠷᠠᠭᠤᠨ ᠬᠤᠤᠰ ᠴᠢᠭᠯᠡᠯ ᠢᠶᠠᠷ ᠬᠠᠷᠢᠯᠴᠠᠨ ᠲᠤᠰᠠᠯᠠᠯᠴᠠᠬᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠵᠤ᠂ ᠰᠢᠨᠵᠢᠶᠠᠩ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃    2022 ᠣᠨ ᠤ 7 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠰᠢᠨᠵᠢᠶᠠᠩ ᠳᠤ ᠰᠢᠨᠵᠢᠯᠡᠨ ᠪᠠᠶᠢᠴᠠᠭᠠᠬᠤ ᠳᠠᠭᠠᠨ᠄ ︽︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ ᠡᠳᠡᠭᠡᠷ ᠵᠢᠯ ᠳᠤ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃ ︿ᠨᠢᠭᠡ ᠪᠦᠰᠡ ᠨᠢᠭᠡ ᠵᠠᠮ ﹀ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠶ ᠠᠬᠢᠭᠤᠯᠬᠤ ᠶᠢ ᠳᠠᠭᠠᠯᠳᠤᠨ᠂ ᠰᠢᠨᠵᠢᠶᠠᠩ ᠨᠢ ᠬᠢᠯᠢ ᠬᠢᠵᠠᠭᠠᠷ ᠣᠷᠣᠨ ᠪᠢᠰᠢ ᠪᠣᠯᠵᠤ᠂ ᠬᠠᠷᠢᠨ ᠨᠢᠭᠡᠨ ᠭᠤᠣᠯ ᠣᠷᠣᠨ᠂ ᠨᠢᠭᠡᠨ ᠬᠦᠢᠰᠦ ᠣᠷᠣᠨ ᠪᠣᠯᠤᠭᠰᠠᠨ ᠪᠠᠶᠢᠨ᠎ᠠ᠂ ᠲᠠ ᠨᠠᠷ ᠤᠨ ᠬᠢᠵᠦ ᠪᠠᠶᠢᠭ᠎ᠠ ᠪᠣᠯ ᠲᠡᠦᠬᠡᠲᠦ ᠠᠴᠢ ᠬᠤᠯᠪᠣᠭᠳᠠᠯ ᠲᠠᠢ ᠶᠠᠪᠤᠳᠠᠯ ᠮᠥᠨ᠂ ᠨᠢᠭᠡᠨᠲᠡ ᠮᠠᠰᠢ ᠰᠠᠶᠢᠨ ᠠᠮᠵᠢᠯᠲᠠ ᠤᠯᠪᠠ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠬᠤ ᠬᠡᠷᠡᠭᠳᠡᠢ᠂ ᠠᠯᠤᠰ ᠢᠷᠡᠭᠡᠳᠦᠶ ᠴᠢᠨᠢ ᠭᠡᠭᠡᠨ ᠰᠠᠷᠠᠭᠤᠯ ᠪᠠᠶᠢᠨ᠎ᠠ︾ ᠭᠡᠵᠦ ᠵᠢᠭᠠᠵᠤ ᠭᠠᠷᠭᠠᠪᠠ᠃ ᠰᠢᠨ᠎ᠡ ᠠᠶᠠᠨ ᠵᠠᠮ ᠳᠤ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠲᠡᠭᠦᠨ ᠲᠠᠢ ᠠᠭᠤᠰᠤᠯᠴᠠᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠨᠡᠩ ᠴᠢᠨᠠᠷ ᠰᠠᠶᠢᠲᠠᠢ᠂ ᠨᠡᠩ ᠥᠨᠳᠥᠷ ᠲᠦᠪᠰᠢᠨ ᠪᠦᠬᠦᠢ ᠰᠢᠨ᠎ᠡ ᠬᠥᠭᠵᠢᠯᠲᠡ ᠶᠢ ᠠᠬᠢᠭᠤᠯᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠷᠡᠮᠡᠬᠡᠶᠢᠯᠡᠨ ᠤᠷᠤᠭᠰᠢᠯᠠᠪᠠᠯ᠂ ᠰᠢᠨᠵᠢᠶᠠᠩ ᠯᠠᠪᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠰᠢᠨ᠎ᠡ ᠠᠮᠵᠢᠯᠲᠠ ᠣᠯᠵᠤ᠂ ᠰᠢᠨ᠎ᠡ ᠳᠡᠭᠲᠡᠷ ᠲᠤ ᠭᠠᠷᠴᠤ ᠴᠢᠳᠠᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ