ᠬᠥᠬᠡᠮᠳᠦᠭ ᠤᠰᠤ ᠶᠢ ᠬᠠᠮᠠᠭᠠᠯᠠᠬᠤ ᠪᠣᠯ ᠥᠨᠢᠳᠡ ᠶᠢᠨ ᠪᠠᠷᠢᠮᠲᠠᠯᠠᠯ ᠮᠥᠨ
ᠨᠡᠶᠢᠲᠡᠯᠡᠭᠰᠡᠨ ᠴᠠᠭ᠄
2023/12/7
    ︽ᠤᠰᠤ ᠪᠠᠨ ᠲᠠᠭᠠᠵᠤ ᠵᠢᠷᠭᠠᠨ᠎ᠠ︾ ᠭᠡᠳᠡᠭ᠃ ᠤᠰᠤ ᠪᠠᠨ ᠳᠡᠭᠡᠳᠦᠯᠡᠵᠦ᠂ ᠤᠰᠤ ᠭᠤᠣᠯ ᠢᠶᠠᠨ ᠲᠦᠰᠢᠵᠦ᠂ ᠤᠰᠤᠨ ᠤ ᠲᠤᠩᠭᠠᠯᠠᠭ ᠡᠪᠡᠰᠦᠨ ᠤ ᠰᠣᠷᠭᠤᠭ ᠢ ᠲᠠᠭᠠᠵᠤ᠂ ᠠᠬᠤᠢ ᠪᠠᠶᠢᠭᠠᠯᠢ ᠲᠠᠢ ᠪᠠᠨ ᠢᠵᠢᠯᠢᠰᠢᠨ ᠠᠶᠠᠳᠠᠵᠤ ᠠᠮᠢᠳᠤᠷᠠᠵᠤ ᠢᠷᠡᠭᠰᠡᠨ ᠤᠬᠠᠭᠠᠨᠲᠤ ᠳᠡᠭᠡᠳᠦᠰ ᠤᠨ ᠠᠶᠠᠨ ᠨᠡᠭᠦᠳᠡᠯ ᠤᠨ ᠠᠮᠢᠳᠤᠷᠠᠯ ᠬᠡᠴᠢᠨᠡᠨ ᠢᠷᠠᠭᠤᠯᠢᠭ ᠠᠵᠢ︕ ᠬᠥᠮᠥᠨ ᠲᠥᠷᠥᠯᠬᠢᠲᠡᠨ ᠤ ᠣᠷᠣᠰᠢᠯ ᠲᠣᠭᠲᠠᠨᠢᠯ᠂ ᠬᠥᠭᠵᠢᠯ ᠲᠠᠪᠰᠢᠯ ᠤᠰᠤᠨ ᠠᠴᠠ ᠰᠠᠯᠵᠤ ᠴᠢᠳᠠᠬᠤ ᠦᠭᠡᠢ᠃ ᠠᠮᠢᠳᠠᠨ ᠭᠤᠣᠯᠲᠠᠨ ᠤ ᠣᠷᠣᠰᠢᠯ ᠲᠣᠭᠲᠠᠨᠢᠯ ᠴᠦ ᠬᠥᠮᠥᠨ ᠲᠥᠷᠥᠯᠬᠢᠲᠡᠨ ᠤ ᠤᠰᠤ ᠶᠢ ᠬᠠᠮᠠᠭᠠᠯᠠᠬᠤ ᠲᠠᠢ ᠰᠢᠭᠤᠳ ᠬᠤᠯᠪᠤᠭ᠎ᠠ ᠲᠠᠢ᠃ ᠠᠵᠤ ᠦᠢᠯᠡᠳᠪᠦᠷᠢ᠂ ᠮᠠᠯ ᠲᠠᠷᠢᠶᠠᠯᠠᠩ᠂ ᠠᠮᠢᠳᠤᠷᠠᠯ ᠦᠢᠯᠡᠳᠪᠦᠷᠢᠯᠡᠯ ᠳᠤ ᠶᠡᠭᠡ ᠬᠡᠮᠵᠢᠶᠡᠨ ᠤ ᠴᠡᠪᠡᠷ ᠠᠷᠢᠭᠤᠨ ᠤᠰᠤ ᠱᠠᠭᠠᠷᠳᠠᠭᠳᠠᠨ᠎ᠠ᠃ ᠬᠥᠮᠥᠨ ᠲᠥᠷᠥᠯᠬᠢᠲᠡᠨ ᠥᠨᠢᠳᠡ ᠶᠢᠨ ᠬᠥᠭᠵᠢᠯᠲᠡ ᠪᠠᠨ ᠪᠠᠲᠤᠯᠠᠶ᠎ᠠ ᠭᠡᠪᠡᠯ ᠴᠡᠪᠡᠷ ᠤᠰᠤ ᠶᠢ ᠪᠣᠬᠢᠷᠳᠠᠭᠤᠯᠤᠯ ᠦᠭᠡᠢ ᠬᠠᠮᠠᠭᠠᠯᠠᠬᠤ ᠬᠡᠷᠡᠭᠲᠡᠢ ᠪᠥᠭᠡᠳ ᠤᠰᠤ ᠶᠢ ᠠᠷᠪᠢᠯᠠᠨ ᠭᠠᠮᠨᠠᠬᠤ ᠬᠡᠷᠡᠭᠲᠡᠢ᠃    ᠡᠷᠳᠡᠮᠲᠡᠳ ᠤᠨ ᠰᠤᠳᠤᠯᠤᠭᠰᠠᠨ ᠢᠶᠠᠷ᠂ ᠳᠡᠯᠡᠬᠡᠢ ᠶᠢᠨ ᠪᠥᠮᠪᠥᠷᠴᠡᠭ ᠤᠨ ᠭᠠᠳᠠᠷᠭᠤ ᠶᠢᠨ 70% ᠨᠢ ᠤᠰᠤᠨ ᠳᠤ ᠪᠦᠷᠬᠦᠭᠳᠡᠵᠦ ᠪᠠᠶᠢᠨ᠎ᠠ ᠭᠡᠳᠡᠭ ᠪᠤᠯᠪᠠᠴᠤ ᠬᠥᠮᠥᠨ ᠲᠥᠷᠥᠯᠬᠢᠲᠡᠨ ᠤ ᠠᠰᠢᠭᠯᠠᠵᠤ ᠪᠣᠯᠬᠤᠶᠢᠴᠠ ᠴᠡᠩᠭᠡᠭ ᠤᠰᠤᠨ ᠤ ᠡᠬᠢ ᠪᠠᠶᠠᠯᠢᠭ ᠨᠢ ᠪᠦᠭᠦ ᠪᠥᠮᠪᠥᠷᠴᠡᠭ ᠤᠨ ᠤᠰᠤᠨ ᠤ ᠶᠡᠷᠦᠩᠬᠡᠢ ᠬᠡᠮᠵᠢᠶ᠎ᠡ ᠶᠢᠨ 0.26% ᠶᠢ ᠯᠡ ᠡᠵᠡᠯᠡᠳᠡᠭ᠃ ᠬᠠᠷᠢᠨ ᠡᠨᠡ ᠵᠢᠭᠠᠬᠠᠨ ᠤᠰᠤ ᠪᠣᠯ ᠲᠦᠮᠡᠨ ᠪᠣᠳᠠᠰ ᠤᠨ ᠠᠮᠢᠯᠠᠯ ᠤᠨ ᠰᠤᠷᠪᠤᠯᠵᠢ᠂ ᠣᠷᠣᠰᠢᠨ ᠲᠣᠭᠲᠠᠨᠢᠬᠤ ᠶᠢᠨ ᠦᠨᠳᠦᠰᠦ ᠪᠣᠯᠣᠨ᠎ᠠ᠃    ᠮᠠᠨ ᠤ ᠣᠷᠣᠨ ᠤ ᠭᠠᠵᠠᠷ ᠨᠤᠲᠤᠭ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ᠃ ᠮᠠᠨ ᠤ ᠣᠷᠣᠨ ᠳᠤ ᠰᠠᠪᠠ ᠭᠠᠵᠠᠷ ᠤᠨ ᠲᠠᠯᠠᠪᠠᠢ ᠨᠢ 1000 ᠲᠡᠭᠰᠢ ᠳᠥᠷᠪᠡᠯᠵᠢᠨ ᠺᠢᠯᠣᠮᠧᠳ᠋ᠷ ᠠᠴᠠ ᠳᠡᠭᠡᠭᠰᠢᠬᠢ ᠭᠤᠣᠯ ᠮᠥᠷᠡᠨ 70 ᠭᠠᠷᠤᠢ ᠪᠠᠶᠢᠵᠤ᠂ ᠪᠦᠭᠦ ᠣᠷᠣᠨ ᠤ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ 518 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠲᠤ ᠬᠦᠷᠴᠦ ᠪᠤᠢ᠃ ᠲᠤᠰᠤᠯ ᠢ ᠬᠤᠷᠢᠶᠠᠪᠠᠯ ᠲᠠᠯᠠᠢ ᠪᠣᠯᠣᠨ᠎ᠠ ᠭᠡᠳᠡᠭ᠂ ᠪᠢᠳᠡ ᠡᠨᠡ ᠬᠦ ᠡᠬᠡ ᠪᠠᠶᠢᠭᠠᠯᠢ ᠠᠴᠠ ᠥᠪᠥᠷ ᠮᠣᠩᠭᠤᠯ ᠳᠤ ᠰᠣᠶᠣᠷᠬᠠᠭᠰᠠᠨ ᠡᠷᠬᠢᠮ ᠨᠠᠨᠳᠢᠨ ᠡᠬᠢ ᠪᠠᠶᠠᠯᠢᠭ ᠢ ᠡᠷᠬᠡᠪᠰᠢ ᠨᠠᠨᠳᠢᠩᠨᠠᠨ ᠬᠠᠶᠢᠷᠠᠯᠠᠬᠤ ᠬᠡᠷᠡᠭᠲᠡᠢ᠃    ᠮᠠᠨ ᠤ ᠣᠷᠣᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠪᠦᠭᠦ ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠪᠠ᠃ ᠪᠦᠭᠦ ᠣᠷᠣᠨ ᠢᠶᠠᠷ ᠢᠶᠠᠨ 13 ᠬᠡᠰᠡᠭ ᠪᠣᠬᠢᠷ ᠦᠮᠡᠬᠡᠢ ᠤᠰᠤᠨ ᠴᠣᠭᠴᠠ ᠶᠢ ᠵᠠᠰᠠᠵᠤ᠂ ᠲᠤᠰᠬᠠᠢ ᠣᠷᠣᠨ ᠤ ᠲᠠᠰ ᠤᠨ ᠬᠤᠲᠠ ᠶᠢᠨ 42 ᠲᠥᠪᠯᠡᠷᠡᠩᠭᠦᠢ ᠭᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠰᠢᠯᠢᠳᠡᠭ ᠰᠠᠶᠢᠨ ᠨᠣᠷᠮ᠎ᠠ 85.7% ᠳᠤ ᠬᠦᠷᠴᠡᠢ᠃ 2020 ᠣᠨ ᠳᠤ ᠪᠦᠭᠦ ᠣᠷᠣᠨ ᠤ ᠭᠤᠣᠯᠳᠠᠯᠭ᠎ᠠ ᠲᠠᠢ ᠰᠠᠪᠠ ᠭᠠᠵᠠᠷ ᠲᠠᠬᠢ ᠪᠦᠭᠦ ᠤᠯᠤᠰ ᠤᠨ ᠭᠠᠵᠠᠷ ᠳᠡᠭᠡᠷᠡᠬᠢ ᠤᠰᠤᠨ ᠤ ᠬᠢᠨᠠᠨ ᠰᠢᠯᠭᠠᠯᠲᠠ ᠶᠢᠨ 52 ᠣᠭᠲᠣᠯᠣᠭᠠᠰᠤ ᠶᠢᠨ ᠰᠢᠯᠢᠳᠡᠭ ᠤᠰᠤᠨ ᠤ ᠴᠢᠨᠠᠷ ᠤᠨ ᠬᠠᠷᠢᠴᠠᠯ 69.2% ᠲᠤ ᠬᠦᠷᠴᠦ᠂ 2016 ᠣᠨ ᠤ ᠬᠢ ᠠᠴᠠ ᠵᠠᠭᠤᠨ ᠤ ᠬᠠᠷᠢᠴᠠᠯ ᠢᠶᠠᠷ 19.2 ᠬᠤᠪᠢ ᠳᠡᠭᠡᠭᠰᠢᠯᠡᠭᠰᠡᠨ ᠪᠠᠶᠢᠨ᠎ᠠ᠃    ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠦᠪᠵᠢᠭᠦᠯᠭᠡ︾ ᠶᠢ ᠪᠦᠭᠦ ᠲᠠᠯ᠎ᠠ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠨ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠪᠦᠷᠢᠳᠦ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠪᠠᠷ ᠤᠳᠤᠷᠢᠳᠤᠮᠵᠢ ᠪᠤᠯᠭᠠᠵᠤ᠂ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠢᠭᠡᠳ ᠠᠮᠢ ᠠᠬᠤᠢ ᠶᠢᠨ ᠪᠠᠭᠲᠠᠭᠠᠮᠵᠢ ᠶᠢ ᠥᠷᠭᠡᠳᠬᠡᠬᠦ ᠬᠤᠶᠠᠷ ᠲᠠᠯ᠎ᠠ ᠪᠠᠷ ᠬᠦᠴᠦᠯᠡᠵᠦ ᠪᠤᠢ᠃    ᠠᠮᠢᠳᠠᠨ ᠭᠤᠣᠯᠲᠠᠨ ᠤ ᠠᠮᠢᠯᠠᠯ ᠲᠥᠯᠵᠢᠯ᠂ ᠡᠰᠡᠨᠢᠯ ᠬᠥᠭᠵᠢᠯ ᠤᠨ ᠡᠬᠢ ᠤᠨᠳᠤᠷᠤᠯ᠂ ᠠᠮᠢ ᠶᠢᠨ ᠡᠬᠢ ᠠᠮᠢᠵᠢᠷᠠᠯ ᠤᠨ ᠷᠠᠰᠢᠶᠠᠨ ᠪᠣᠯᠤᠭᠰᠠᠨ ᠡᠨᠡ ᠬᠦ ᠡᠷᠬᠢᠮ ᠨᠠᠨᠳᠢᠨ ᠡᠬᠢ ᠪᠠᠶᠠᠯᠢᠭ ᠢ ᠨᠢᠳᠦᠨ ᠴᠡᠴᠡᠭᠡᠢ ᠪᠠᠨ ᠰᠢᠭ ᠬᠠᠶᠢᠷᠠᠯᠠᠨ ᠬᠠᠮᠠᠭᠠᠯᠠᠬᠤ ᠪᠣᠯ ᠲᠠ ᠪᠢᠳᠡᠨ ᠤ ᠲᠠᠷᠬᠠᠨ ᠬᠠᠷᠢᠭᠤᠴᠠᠯᠭ᠎ᠠ ᠪᠥᠭᠡᠳ ᠥᠨᠢᠳᠡ ᠶᠢᠨ ᠪᠠᠷᠢᠮᠲᠠᠯᠠᠯ ᠶᠤᠮ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ