ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ︽ᠪᠡᠶ᠎ᠡ ᠶᠢᠨ ᠲᠠᠮᠢᠷ ᠤᠨ ᠬᠢᠴᠢᠶᠡᠯ ᠢ ᠭᠤᠤᠯ ᠪᠤᠰᠤ ᠬᠢᠴᠢᠶᠡᠯ ᠪᠠᠶᠢᠭᠰᠠᠨ ᠠᠴᠠ ᠨᠢ ᠭᠤᠤᠯ | ᠬᠢᠴᠢᠶᠡᠯ ᠪᠣᠯᠭᠠᠵᠤ᠂ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠬᠤ ᠲᠤᠬᠠᠶ | ᠰᠠᠨᠠᠭᠤᠯᠭ᠎ᠠ︾ ᠶᠢᠨ ᠲᠤᠬᠠᠢ ᠬᠠᠷᠢᠭᠤ ᠥᠭᠪᠡ᠃ | ︽ᠪᠡᠶ᠎ᠡ ᠶᠢᠨ ᠲᠠᠮᠢᠷ ᠤᠨ ᠬᠢᠴᠢᠶᠡᠯ ᠢ ᠭᠤᠤᠯ ᠪᠤᠰᠤ ᠬᠢᠴᠢᠶᠡᠯ ᠪᠠᠶᠢᠭᠰᠠᠨ ᠠᠴᠠ ᠨᠢ ᠭᠤᠤᠯ ᠬᠢᠴᠢᠶᠡᠯ ᠪᠤᠯᠭᠠᠬᠤ ᠵᠢᠭᠠᠨ ᠰᠤᠷᠭᠠᠯᠲᠠ︾ ᠶᠢᠨ ᠰᠠᠨᠠᠭᠤᠯᠭ᠎ᠠ ᠳᠤ | ᠴᠢᠭᠯᠡᠭᠦᠯᠦᠨ᠂ ᠰᠤᠷᠭᠠᠨ ᠬᠥᠮᠦᠵᠢᠯ ᠤᠨ ᠶᠠᠮᠤᠨ ᠤ ᠬᠢᠨ ᠬᠡᠯᠡᠬᠦ ᠳᠡᠭᠡᠨ᠂ ᠤᠯᠤᠰ ᠤᠨ ᠬᠢᠴᠢᠶᠡᠯ ᠤᠨ ᠲᠥᠰᠦᠯ ᠳᠤ ᠬᠢᠴᠢᠶᠡᠯᠯᠡᠬᠦ ᠬᠢᠴᠢᠶᠡᠯ ᠲᠥᠷᠥᠯ ᠳᠤ ᠭᠤᠤᠯ ᠪᠠ | ᠭᠤᠤᠯ ᠪᠤᠰᠤ ᠶᠢᠨ ᠢᠯᠭᠠᠯ ᠭᠡᠵᠦ ᠪᠠᠶᠢᠬᠤ ᠥᠬᠡᠶ᠃ ᠡᠯ᠎ᠡ ᠬᠢᠴᠢᠶᠡᠯ ᠲᠥᠷᠥᠯ ᠳᠤ ᠴᠥᠮ ᠬᠥᠮᠦᠨ ᠬᠥᠮᠦᠵᠢᠭᠦᠯᠬᠦ ᠥᠪᠡᠷᠮᠢᠴᠡ ᠦᠨ᠎ᠡ ᠥᠷᠲᠡᠭ ᠲᠠᠢ ᠪᠠᠶᠢᠳᠠᠭ | ᠪᠦᠭᠡᠳ ᠬᠤᠭᠤᠷᠣᠨᠳᠣ ᠨᠢ ᠣᠷᠣᠯᠠᠭᠤᠯᠵᠤ ᠪᠣᠯᠬᠤ ᠥᠬᠡᠶ ᠮᠥᠷᠲᠡᠭᠡᠨ ᠡᠯ᠎ᠡ ᠬᠢᠴᠢᠶᠡᠯ ᠲᠥᠷᠥᠯ ᠳᠤ ᠬᠠᠷᠢᠯᠴᠠᠨ ᠬᠠᠮᠵᠢᠯᠴᠠᠵᠤ᠂ ᠬᠠᠮᠵᠢᠯᠴᠠᠨ ᠬᠥᠮᠦᠨ | ᠬᠥᠮᠦᠵᠢᠭᠦᠯᠵᠦ᠂ ᠬᠥᠮᠦᠵᠢᠭᠦᠯᠬᠦ ᠬᠠᠷᠠᠯᠲᠠ ᠪᠠᠨ ᠪᠡᠶᠡᠯᠡᠬᠦᠯᠬᠦ ᠶᠢ ᠦᠨᠡᠨ ᠬᠦ ᠪᠠᠲᠤᠯᠠᠨ᠎ᠠ ᠭᠡᠵᠦ ᠲᠤᠭᠳᠠᠭᠠᠪᠠ ᠭᠡᠵᠡᠢ᠃ | ︽ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠪᠢᠴᠢᠭ ᠢ ᠰᠦᠢᠳᠬᠡᠯ ᠦᠯᠦ ᠬᠤᠷᠢᠶᠠᠬᠤ ᠵᠢᠭᠠᠬᠤ ᠮᠠᠲ᠋ᠧᠷᠢᠶᠠᠯ ᠪᠣᠯᠭᠠᠬᠤ︾ | ᠰᠠᠨᠠᠭᠤᠯᠭ᠎ᠠ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ ᠶᠠᠮᠤᠨ ᠤ ᠬᠢᠨ ᠬᠠᠷᠢᠭᠤ ᠥᠭᠬᠦ ᠳᠡᠭᠡᠨ᠂ 2015 ᠣᠨ ᠤ 11 ᠰᠠᠷ᠎ᠠ ᠳᠤ᠂ ︽ᠬᠤᠲᠠ ᠬᠥᠳᠡᠭᠡ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠤᠯᠠᠮ ᠴᠢᠨᠠᠬᠰᠢᠳᠠ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶ᠎ᠠ ᠲᠠᠷᠬᠠᠭᠠᠭᠰᠠᠨ ﹇2015﹈ 67 ᠳ᠋ᠤᠭᠠᠷ ᠲᠣᠭᠠᠲᠤ︶ ᠳᠤ ︽ᠬᠤᠲᠠ ᠬᠥᠳᠡᠭᠡ ᠶᠢᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠵᠦ᠂ ᠰᠦᠢᠳᠬᠡᠯ ᠬᠤᠷᠢᠶᠠᠬᠤ ᠦᠭᠡᠶ ᠪᠠᠷ ᠬᠢᠴᠢᠶᠡᠯ ᠤᠨ | ᠪᠢᠴᠢᠭ ᠬᠠᠩᠭᠠᠵᠦ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠠᠶᠢᠷᠢ ᠳᠤ ᠰᠠᠭᠤᠭ᠎ᠠ ᠰᠤᠷᠤᠭᠴᠢᠳ ᠲᠤ ᠠᠮᠢᠳᠤᠷᠠᠯ ᠤᠨ ᠨᠥᠬᠦᠪᠥᠷᠢ ᠥᠭᠬᠦᠨ᠎ᠡ ︵︿ | ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ﹀ ᠭᠡᠵᠦ ᠶᠡᠷᠦᠩᠬᠡᠶᠢᠯᠡᠨ ᠨᠡᠷᠡᠶᠢᠳᠪᠡ︶︾ ᠭᠡᠵᠦ ᠲᠣᠭᠲᠠᠭᠠᠵᠠᠶ᠃ | ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠵᠢᠭᠠᠬᠤ ᠮᠠᠲ᠋ᠧᠷᠢᠶᠠᠯ ᠨᠢ ᠤᠯᠤᠰ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠪᠣᠯᠤᠭᠰᠠᠨ ᠤ ᠬᠤᠪᠢ ᠳᠤ᠂ | ᠲᠥᠪ ᠤᠨ ᠪᠥᠬᠦ ᠲᠤᠭ᠎ᠠ ᠪᠠᠷ ᠡᠭᠦᠷᠭᠡᠯᠡᠵᠦ ᠪᠠᠶᠢᠭ᠎ᠠ ᠰᠦᠢᠳᠭᠡᠯ ᠬᠤᠷᠢᠶᠠᠬᠤ ᠥᠬᠡᠶ ᠵᠢᠭᠠᠬᠤ ᠮᠠᠲ᠋ᠧᠷᠢᠶᠠᠯ ᠪᠣᠯᠤᠭᠰᠠᠭᠠᠷ ᠢᠷᠡᠵᠡᠶ ᠬᠡᠪᠡ᠃ | |