ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ  ᠦᠢᠯᠡᠰ ᠤᠨ ᠬᠥᠭᠵᠢᠯᠲᠡ ᠶᠢᠨ ᠲᠥᠪ ᠠᠴᠠ  ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠬᠠᠮᠢᠶᠠᠷᠤᠭᠴᠢ ᠶᠢᠨ ᠪᠣᠯᠪᠠᠰᠤᠷᠠᠭᠤᠯᠤᠯ ᠡᠷᠭᠢᠯᠡᠪᠡ
ᠨᠡᠶᠢᠲᠡᠯᠡᠭᠰᠡᠨ ᠴᠠᠭ᠄
2023/6/28
    ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠢᠩᠬᠢᠮ ᠪᠠ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ  ᠠᠴᠠ ᠨᠡᠶᠢᠳᠡᠯᠡᠭᠰᠡᠨ ︽ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠥᠪᠥᠷ ᠮᠣᠩᠭᠤᠯ ᠤᠨ ᠲᠤᠷᠰᠢᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ‍ᠤᠨ‌‍ᠱᠠᠭᠠᠷᠳᠠᠯᠭ᠎ᠠ ᠵᠢ‌ᠦᠨᠳᠦᠰᠦᠯᠡᠨ᠂ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠬᠥᠮᠦᠵᠢᠯ ᠤᠨ ᠲᠠᠪᠴᠠᠩ ᠤᠨ ᠪᠣᠯᠪᠠᠰᠤᠷᠠᠯ ᠤᠨ ᠠᠵᠢᠯ ᠢ ᠪᠡᠶᠡᠯᠡᠭᠦᠯᠬᠦ ᠶᠢᠨ  ᠲᠦᠯᠦᠭᠡ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠠᠴᠠ 6 ᠰᠠᠷ᠎ᠠ ᠶᠢᠨ 26       ᠤ ᠡᠳᠦᠷ ᠲᠠᠪᠤᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠬᠠᠮᠢᠶᠠᠷᠤᠭᠴᠢ ᠶᠢᠨ ᠪᠣᠯᠪᠠᠰᠤᠷᠠᠭᠤᠯᠤᠯ ᠢ ᠡᠷᠭᠢᠯᠡᠪᠡ᠃ ᠪᠣᠯᠪᠠᠰᠤᠷᠠᠭᠤᠯᠤᠯ ᠤᠨ ᠠᠵᠢᠯᠯᠠᠭ᠎ᠠ ᠶᠢ ᠰᠤᠷᠭᠠᠨ ᠬᠥᠮᠦᠵᠢᠯ ᠤᠨ  ᠦᠢᠯᠡᠰ‌‍ᠤᠨ ᠬᠥᠭᠵᠢᠯᠲᠡ ᠶᠢᠨ ᠲᠥᠪ ᠤᠨ ᠴᠠᠬᠢᠯᠭᠠᠨ ᠬᠢᠴᠢᠶᠡᠯ ᠤᠨ ᠬᠡᠷ  ‍ᠤᠨ‌ᠯᠢᠦ ᡁᠢ  ᠸᠧᠨ ᠪᠠᠭᠰᠢ ᠡᠴᠡ‌ᠡᠷᠭᠢᠯᠡᠪᠡ᠃     ᠲᠤᠰ ᠠᠵᠢᠯᠯᠠᠭ᠎ᠠ ᠳᠤ ᠰᠣᠶᠣᠯ ‍ᠤᠨ‌‍ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠵᠠᠩ ᠬᠠᠨ ᠪᠢᠨ ᠢ ᠤᠷᠢᠵᠤ ᠪᠣᠯᠪᠠᠰᠤᠷᠠᠯ ᠬᠦᠷᠲᠡᠭᠡᠪᠡ᠃ ᠪᠣᠯᠪᠠᠰᠤᠷᠠᠭᠤᠯᠤᠯ ᠤᠨ ᠠᠭᠤᠯᠭ᠎ᠠ ᠨᠢ ᠭᠤᠷᠪᠠᠨ ᠬᠡᠰᠡᠭ ᠪᠣᠯᠤᠨ᠎ᠠ᠂ ᠲᠤᠬᠠᠶᠢᠯᠠᠪᠠᠯ᠄ ᠨᠠᠢᠮᠠᠨ ᠶᠡᠭᠡ ᠬᠡᠷᠡᠭᠯᠡᠭᠡᠨ ᠤ ᠪᠠᠭᠠᠵᠢ᠂ ᠶᠢᠰᠦᠨ ᠶᠡᠭᠡ ᠬᠡᠷᠡᠭᠯᠡᠭᠡᠨ ᠤ ᠦᠵᠡᠭᠳᠡᠯ᠂ ᠠᠷᠪᠠᠨ ᠶᠡᠭᠡ ᠡᠬᠢ ᠪᠠᠶᠠᠯᠢᠭ ᠤᠨ ᠬᠡᠰᠡᠭ ᠤᠨ  ᠲᠠᠶᠢᠯᠪᠤᠷᠢ ᠵᠢᠴᠢ ᠲᠠᠪᠴᠠᠩ ᠤᠨ ᠠᠵᠢᠯᠯᠠᠭ᠎ᠠ ᠪᠠ ᠦᠵᠡᠭᠦᠯᠦᠯᠭᠡ ᠵᠡᠷᠭᠡ ᠪᠣᠯᠤᠨ᠎ᠠ᠃ᠡᠨᠡ ᠨᠢ ᠬᠠᠮᠢᠶᠠᠷᠤᠭᠴᠢ ᠶᠢ ᠬᠠᠪᠰᠤᠷᠤᠨ ᠲᠠᠪᠴᠠᠩ ᠤᠨ ᠬᠡᠷᠡᠭᠵᠢᠭᠦᠯᠦᠯᠲᠡ ᠳᠤᠮᠳᠠᠬᠢ ᠠᠰᠠᠭᠤᠳᠠᠯ ᠪᠠ ᠲᠥᠭᠡᠷᠢᠭᠳᠡᠯ ᠢ ᠨᠢ   ᠰᠢᠢᠳᠪᠦᠷᠢᠯᠡᠵᠦ ᠥᠭᠬᠦ ᠶᠢᠨ ᠲᠥᠯᠥᠭᠡ ᠶᠤᠮ᠃     ᠲᠣᠰ ᠤᠳᠠᠭᠠᠨ ᠤ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠡᠯ᠎ᠡ ᠰᠤᠷᠭᠠᠭᠤᠯᠢ ᠶᠢᠨ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠬᠠᠮᠢᠶᠠᠷᠤᠭᠴᠢ ᠰᠤᠷᠭᠠᠭᠤᠯᠢ ᠳᠠᠭᠠᠨ ᠪᠤᠴᠠᠭᠰᠠᠨ ᠤ ᠳᠠᠷᠠᠭ᠎ᠠ ᠲᠣᠰ ᠰᠤᠷᠭᠠᠭᠤᠯᠢ ᠶᠢᠨ ᠪᠠᠭᠰᠢ ᠨᠠᠷ ᠲᠤ ᠶᠡᠷᠦᠩᠬᠡᠶᠢᠯᠡᠭᠰᠡᠨ ᠪᠣᠯᠪᠠᠰᠤᠷᠠᠯ ᠤᠨ ᠪᠣᠯᠪᠠᠰᠤᠷᠠᠭᠤᠯᠤᠯ ᠥᠷᠨᠢᠭᠦᠯᠵᠦ᠂ ᠪᠠᠭᠰᠢ ᠨᠠᠷ  ᠤᠨ  ᠦᠢᠯᠡᠳᠦᠯᠭᠡ  ᠪᠠ ᠬᠡᠷᠡᠭᠯᠡᠯᠲᠡ ᠶᠢ ᠬᠥᠲᠥᠯᠦᠨ ᠵᠢᠯᠣᠭᠤᠳᠬᠤ ᠶᠢᠨ ᠬᠠᠮᠲᠤ ᠬᠡᠷᠡᠭᠯᠡᠭᠡᠨ ᠤ ᠬᠡᠷᠡᠭ ᠤᠨ ᠵᠢᠱᠢᠶ᠎ᠡ ᠶᠢ  ᠲᠤᠭᠲᠠᠭᠠᠨ᠂ ᠰᠢᠯᠢᠳᠡᠭ ᠬᠡᠷᠡᠭᠯᠡᠭᠡᠨ ᠤ ᠬᠡᠷᠡᠭ ᠤᠨ ᠵᠢᠱᠢᠶ᠎ᠡ ᠶᠢᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠬᠢᠭᠡᠳ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠭᠦᠨᠵᠡᠭᠡᠶ ᠠᠭᠤᠰᠤᠯᠴᠠᠯ ᠢ ᠳᠥᠯᠭᠢᠨ ᠠᠬᠢᠭᠤᠯᠤᠨ᠎ᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ