︽ᠪᠢᠳᠡᠨ ᠤ ᠪᠠᠶᠠᠷ ᠤᠨ ᠡᠳᠦᠷ︾ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ — ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠭᠡᠷᠡᠯ ᠵᠢᠷᠤᠭ ᠤᠨ ᠦᠵᠡᠰᠬᠦᠯᠡᠩ
ᠨᠡᠶᠢᠲᠡᠯᠡᠭᠰᠡᠨ ᠴᠠᠭ᠄
2023/6/28
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠪᠦᠬᠦᠢ‌ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂  ᠦᠷᠭᠡᠨ ᠣᠯᠠᠨ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠤᠯᠠᠮᠵᠢᠯᠠᠯᠲᠤ ᠪᠠᠶᠠᠷ ᠤᠨ ᠡᠳᠦᠷ ᠢᠶᠠᠷ ᠦᠨᠳᠦᠰᠦᠲᠡᠨ ᠤ ᠪᠠᠨ ᠰᠢᠯᠢᠳᠡᠭ ᠤᠯᠠᠮᠵᠢᠯᠠᠯᠲᠤ ᠰᠣᠶᠣᠯ ᠢ ᠨᠡᠩ ᠰᠠᠶᠢᠨ  ᠪᠠᠳᠠᠷᠠᠭᠤᠯᠵᠤ᠂ ᠵᠠᠯᠠᠨ ᠠᠶᠢᠯ  ᠶᠢᠨ ᠥᠷᠭᠡᠨ ᠣᠯᠠᠨ ᠬᠤᠲᠠ ᠶᠢᠨ ᠠᠷᠠᠳ ᠤᠨ ᠣᠶᠤᠨ ᠤ ᠪᠣᠯᠪᠠᠰᠤᠨ ᠤ  ᠪᠦᠳᠦᠭᠡᠨ‌‍ᠪᠠᠶᠢᠭᠤᠯᠤᠯᠲᠠ ᠶᠢ  ᠠᠬᠢᠭᠤᠯᠤᠨ᠂ ᠵᠠᠯᠠᠨ ᠠᠶᠢᠯ ‍ᠤᠨ‌ᠬᠤᠲᠠ ᠶᠢᠨ ᠨᠣᠮ ᠤᠨ ᠰᠠᠩ ᠠᠴᠠ ︽ᠪᠢᠳᠡᠨ ᠤ ᠪᠠᠶᠠᠷ ᠤᠨ ᠡᠳᠦᠷ — ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠭᠡᠬᠦ ᠬᠡᠷᠡᠯ ᠵᠢᠷᠤᠭ ᠤᠨ ᠦᠵᠡᠰᠬᠦᠯᠡᠩ ᠢ ᠲᠤᠰᠬᠠᠶᠢᠯᠠᠨ ᠡᠷᠭᠢᠯᠡᠪᠡ᠃     ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯ ᠵᠢᠯ ᠪᠦᠷᠢ ᠶᠢᠨ ᠪᠢᠯᠢᠭ ᠤᠨ ᠤᠯᠠᠷᠢᠯ ᠤᠨ ᠲᠠᠪᠤᠨ ᠰᠠᠷ᠎ᠠ ᠶᠢᠨ ᠳᠠᠪᠣᠨ ᠤ ᠡᠳᠤᠷ᠃︽ᠵᠢᠩ ᠴᠦ᠋ ᠶᠢᠨ ᠣᠨ ᠤ ᠲᠡᠮᠳᠡᠭᠯᠡᠯ︾ ᠳᠤ ᠲᠡᠮᠳᠡᠭᠯᠡᠭᠰᠡᠨ ᠢ ᠦᠨᠳᠦᠰᠦᠯᠡᠪᠡᠯ᠂ ᠵᠤᠨ ᠤ ᠳᠤᠮᠳᠠ ᠰᠠᠷ᠎ᠠ ᠥᠨᠳᠥᠷ ᠲᠤ  ᠠᠪᠠᠷᠢᠬᠤ᠂ ᠨᠡᠷᠡᠨ ᠤ ᠳᠤᠮᠳᠠ ᠰᠠᠷ᠎ᠠ ᠳᠡᠭᠡᠷ᠎ᠡ᠂ ᠲᠠᠪᠤᠨ ᠰᠠᠷ᠎ᠠ ᠪᠣᠯ ᠵᠤᠨ ᠤ ᠳᠤᠮᠳᠠ ᠰᠠᠷ᠎ᠠ᠂ ᠲᠡᠭᠦᠨ ᠤ ᠨᠢᠭᠡᠳᠦᠭᠡᠷ ᠦᠳᠡ ᠶᠢᠨ ᠡᠳᠦᠷ ᠨᠢ ᠶᠠᠭ ᠰᠠᠶᠢᠬᠠᠨ ᠥᠨᠳᠥᠷ ᠲᠤ  ᠠᠪᠠᠷᠢᠬᠤ‌ᠨᠡᠷᠡᠨ ᠤ ᠰᠠᠶᠢᠬᠠᠨ ᠡᠳᠦᠷ ᠪᠣᠯᠬᠤᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠢ ᠪᠠᠰᠠ ︽  ᠳ᠋ᠤᠸᠠᠨ ᠶᠠᠩ ᠤᠨ ᠪᠠᠶᠠᠷ︾ ᠭᠡᠵᠦ  ᠬᠡᠯᠡᠳᠡᠭ ᠶᠤᠮ ᠃ᠡᠭᠦᠨ ᠠᠴᠠ ᠭᠠᠳᠠᠨ᠎ᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠪᠠᠰᠠ ︽ᠦᠳᠡ ᠶᠢᠨ ᠪᠠᠶᠠᠷ᠂ ᠲᠠᠪᠤᠨ ᠰᠠᠷ᠎ᠠ ᠶᠢᠨ ᠪᠠᠶᠠᠷ᠂ ᠯᠤᠤᠲᠤ ᠣᠩᠭᠤᠴᠠᠨ ᠤ ᠪᠠᠶᠠᠷ᠂ ᠤᠬᠢᠶᠠᠯᠭ᠎ᠠ ᠶᠢᠨ ᠪᠠᠶᠠᠷ︾ ᠭᠡᠬᠦ ᠮᠡᠲᠦ ᠪᠠᠷ  ᠬᠡᠯᠡᠳᠡᠭ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯ ᠳᠤᠮᠳᠠᠳᠤ ᠤᠯᠤᠰ ᠪᠠ ᠬᠢᠲᠠᠳ ᠦᠰᠦᠭ ᠤᠨ ᠰᠣᠶᠣᠯ ᠤᠨ ᠬᠦᠷᠢᠶᠡᠨ ᠤ ᠣᠯᠠᠨ ᠤᠯᠤᠰ ᠲᠤ ᠳᠡᠯᠭᠡᠷᠡᠭᠰᠡᠨ ᠤᠯᠠᠮᠵᠢᠯᠠᠯᠲᠤ ᠰᠣᠶᠣᠯ ᠤᠨ ᠪᠠᠶᠠᠷ ᠤᠨ ᠡᠳᠦᠷ ᠶᠤᠮ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠠ ᠴᠠᠭᠠᠨ ᠰᠠᠷ᠎ᠠ᠂ ᠬᠠᠩᠰᠢ ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠬᠠᠮᠲᠤ ᠳᠤᠨᠢ ᠳᠤᠮᠳᠠᠳᠤ ᠤᠯᠤᠰ ᠤᠨ ᠬᠢᠲᠠᠳ ᠦᠨᠳᠦᠰᠦᠲᠡᠨ ᠤ ᠳᠥᠷᠪᠡᠨ ᠶᠡᠭᠡ ᠤᠯᠠᠮᠵᠢᠯᠠᠯᠲᠤ ᠪᠠᠶᠠᠷ ᠤᠨ ᠡᠳᠦᠷ ᠭᠡᠳᠡᠭ᠃     ᠲᠤᠰ ᠤᠳᠠᠭᠠᠨ ᠤ ᠭᠡᠷᠡᠯ ᠵᠢᠷᠤᠭ ᠤᠨ ᠦᠵᠡᠭᠦᠯᠦᠯᠭᠡ ᠨᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠡᠭᠦᠰᠦᠯ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠳᠣᠮᠤᠭ ᠶᠠᠷᠢᠶ᠎ᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠵᠠᠩ ᠳᠠᠳᠬᠠᠯ ᠵᠢᠴᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠯᠪᠣᠭᠳᠠᠯ ᠪᠦᠬᠦᠢ ᠰᠢᠯᠦᠭ ᠳᠠᠭᠤᠯᠠᠯ ᠵᠡᠷᠭᠡ ᠲᠠᠯ᠎ᠠ ᠠᠴᠠ ᠣᠯᠠᠨ ᠢ ᠳᠠᠭᠠᠭᠤᠯᠤᠨ ᠮᠠᠨ ᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ  ᠲᠠᠪᠤᠨ ᠰᠠᠷ᠎ᠠ ᠶᠢᠨ ᠰᠢᠨ᠎ᠡ ᠶᠢᠨ  ᠲᠠᠪᠤᠨ ᠭᠡᠳᠡᠭ  ᠲᠣᠷᠠᠰᠬᠠᠯ ᠤᠨ ᠡᠳᠤᠷ ᠢ ᠣᠶᠢᠯᠭᠠᠭᠰᠠᠨ ᠪᠠᠶᠢᠨ᠎ᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ