ᠵᠠᠯᠠᠨ ᠠᠶᠢᠯ ᠬᠤᠲᠠ ᠶᠢᠨ ᠣᠯᠠᠭᠠᠨ ᠮᠦᠴᠢᠷ ᠠᠴᠠ ︽ᠪᠢᠳᠡᠨ ᠤ ᠪᠠᠶᠠᠷ ᠤᠨ ᠡᠳᠦᠷ — ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾  ᠭᠡᠬᠦ ᠦᠨᠳᠦᠰᠦᠨ ᠱᠠᠲᠤᠨ ᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/28
    ᠽᠦᠩᠽᠢ ᠨᠠᠪᠴᠢ ᠶᠢᠨ ᠠᠩᠬᠢᠯᠤᠮ᠎ᠠ ᠦᠨᠦᠷ  ᠲᠤ ᠲᠠᠪᠤᠨ ᠰᠠᠷ᠎ᠠ ᠶᠢᠨ ᠰᠢᠨ᠎ᠡ ᠵᠢᠨ‌‍ᠲ᠋ᠠᠪᠤᠨ  ᠢᠶᠠᠨ ᠤᠭᠲᠤᠬᠤᠶ᠎ᠠ᠂ ᠦᠨᠳᠦᠰᠦᠲᠡᠨ ᠤ ᠪᠦᠯᠬᠦᠮᠳᠡᠯ ᠤᠨ  ᠬᠠᠯᠠᠭᠤᠨ  ᠬᠠᠶᠢᠷ᠎ᠠ ᠶᠢᠨ  ᠲᠤᠮᠲᠠ‌‍ᠲ᠋ᠤᠮᠲᠠᠲᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ  ᠪᠠᠳᠠᠷᠠᠭᠤᠯᠤᠶ᠎ᠠ᠃ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠪᠠᠶᠠᠷ ᠤᠨ ᠡᠳᠦᠷ ᠤᠨ ᠡᠶ᠎ᠡ ᠨᠠᠶᠢᠷᠠᠮᠳᠠᠭᠤ ᠠᠭᠤᠷ ᠠᠮᠢᠰᠬᠤᠯ ᠢ ᠪᠤᠶ ᠪᠣᠯᠭᠠᠬᠤ ᠶᠢᠨ ᠲᠦᠯᠦᠭᠡ᠂ 6 ᠰᠠᠷ᠎ᠠ ᠶᠢᠨ 22       ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠣᠯᠠᠭᠠᠨ ᠮᠦᠴᠢᠷ  ᠰᠠᠨ ᠵᠢᠶᠤᠤ  ᠳ᠋ᠢ ᠲᠠᠯᠠᠪᠠᠶ ᠳᠤ ︽ᠮᠠᠨ ᠤ ᠪᠠᠶᠠᠷ ᠤᠨ ᠡᠳᠦᠷ — ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠤᠨ ᠦᠨᠳᠦᠰᠦᠨ ᠱᠠᠲᠤᠨ ᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃     ᠲᠤᠰ ᠤᠳᠠᠭᠠᠨ ᠤ ᠠᠵᠢᠯᠯᠠᠭ᠎ᠠ ᠨᠢ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠤᠬᠠᠭᠤᠯᠤᠨ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠲᠦᠭᠡᠮᠡᠯᠵᠢᠭᠦᠯᠵᠦ᠂ ᠥᠷᠭᠡᠨ ᠤᠯᠠᠨ ᠬᠤᠳᠠ ᠶᠢᠨ ᠠᠷᠠᠳ ᠲᠤ ᠤᠯᠠᠮᠵᠢᠯᠠᠯᠲᠤ ᠪᠠᠶᠠᠷ ᠤᠨ ᠡᠳᠦᠷ ᠤᠨ ᠷᠢᠳᠢ ᠰᠢᠳᠢ ᠶᠢ ᠮᠡᠳᠡᠷᠡᠭᠦᠯᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠣᠶᠣᠯ ᠤᠨ ᠢᠲᠡᠭᠡᠯ ᠢ  ᠨᠠᠮᠡᠭᠳᠡᠭᠦᠯᠦᠨ᠂ ᠰᠢᠨ᠎ᠡ ᠠᠶᠠᠨ ᠵᠠᠮ ᠳᠤ ᠡᠷᠡᠯᠬᠡᠭᠯᠡᠨ  ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠭᠰᠠᠨ  ᠪᠠᠶᠢᠨ᠎ᠠ ᠃  
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ