ᠵᠠᠯᠠᠨ ᠠᠶᠢᠯ ᠳᠤ ᠢᠷᠡᠵᠦ᠂ ᠬᠠᠪᠦᠷ ᠤᠨ ᠭᠤᠶᠣ ᠦᠵᠡᠮᠵᠢ ᠶᠢ ᠰᠤᠭᠲᠤᠷᠠᠶ᠎ᠠ︕
ᠨᠡᠶᠢᠲᠡᠯᠡᠭᠰᠡᠨ ᠴᠠᠭ᠄
2023/7/12
      ᠴᠡᠯᠮᠡᠭ ᠡᠳᠦᠷ ᠳᠤᠯᠠᠭᠠᠨ ᠰᠠᠯᠬᠢᠨ ᠳᠤ ᠤᠲᠤᠭᠳᠠᠨ ᠰᠤᠭᠲᠤᠷᠠᠵᠤ᠂ ᠨᠣᠭᠤᠭᠠᠨ ᠰᠡᠭᠦᠳᠡᠷ ᠡᠪᠡᠰᠦ ᠴᠡᠴᠡᠭ ᠢᠯᠠᠮ᠎ᠠ᠃ ︽5 · 1︾       ᠤ ᠠᠮᠠᠷᠠᠯᠲᠠ ᠶᠢᠨ ᠬᠤᠭᠤᠴᠠᠭᠠᠨ ᠳᠤ᠂ ᠵᠠᠯᠠᠨ ᠠᠶᠢᠯ ᠬᠤᠳᠠ ᠶᠢᠨ ᠦᠵᠡᠰᠬᠦᠯᠡᠩᠲᠦ ᠰᠠᠶᠢᠬᠠᠨ ᠬᠠᠪᠤᠷ ᠤᠨ ᠰᠠᠶᠢᠬᠠᠨ ᠦᠵᠡᠮᠵᠢ ᠨᠢ ᠲᠤᠰ ᠭᠠᠵᠠᠷ ᠤᠨ ᠮᠠᠰᠢ ᠤᠯᠠᠨ ᠬᠤᠳᠠ ᠶᠢᠨ ᠠᠷᠠᠳ ᠪᠣᠯᠤᠨ ᠭᠠᠳᠠᠨ᠎ᠠ ᠣᠷᠣᠨ ᠤ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠨᠢᠭᠡᠨ ᠮᠠᠷᠲᠠᠭᠳᠠᠰᠢ ᠦᠭᠡᠢ ᠪᠠᠶᠠᠷ ᠬᠦᠷ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠬᠦᠰᠡᠨ ᠬᠦᠯᠢᠶᠡᠵᠦ ᠪᠠᠶᠢᠯ᠎ᠠ᠃       ᠡᠨᠡ ᠬᠤᠶᠠᠷ ᠡᠳᠦᠷ ᠵᠠᠯᠠᠨ  ᠠᠶᠢᠯ ᠬᠤᠳᠠ ᠶᠢᠨ  ᠳᠡᠭᠦᠵᠢᠩ ᠬᠥᠭᠦᠷᠭᠡ ᠶᠢᠨ ᠴᠡᠴᠡᠷᠯᠢᠭ ᠲᠤ  ᠵᠤᠭᠠᠴᠢᠨ ᠲᠤᠭᠤᠷᠢᠬᠤ ᠬᠦᠮᠦᠰ ᠰᠦᠯᠵᠢᠯᠳᠦᠵᠦ᠂ ᠵᠤᠭᠠᠴᠠᠭᠴᠢᠳ ᠵᠠᠭᠤᠨ ᠵᠢᠯ ᠤᠨ ᠳᠡᠭᠦᠵᠢᠩ ᠬᠥᠭᠦᠷᠭᠡ ᠪᠠᠷ ᠠᠶᠠᠯᠠᠵᠤ᠂ ᠬᠦᠩᠬᠡᠨ ᠵᠠᠪᠢ ᠤᠰᠤᠨ ᠤ ᠭᠠᠳᠠᠷᠭᠤ ᠳᠤ ᠵᠣᠭᠰᠣᠬᠤ ᠲᠠᠢ ᠠᠳᠠᠯᠢ ᠪᠠᠷ ᠰᠡᠳᠬᠢᠯ ᠰᠠᠨᠠᠭ᠎ᠠ ᠠᠭᠤᠵᠢᠷᠠᠬᠤ ᠮᠡᠲᠦ ᠰᠠᠨᠠᠭᠳᠠᠨ᠎ᠠ᠃ ᠴᠡᠴᠡᠷᠯᠢᠭ ᠤᠨ ᠳᠣᠲᠣᠷ᠎ᠠ ᠡᠷᠲᠡᠨ ᠤ ᠮᠣᠳᠣ ᠲᠩᠷᠢ ᠲᠤᠯᠤᠮ᠎ᠠ  ᠰᠦᠨᠲᠦᠷᠯᠡᠵᠦ᠂ ᠤᠳᠠ ᠤᠯᠢᠶᠠᠰᠤ ᠬᠥᠬᠡᠷᠡᠨ᠂ ᠭᠠᠵᠠᠷ ᠪᠣᠯᠭᠠᠨ ᠳᠤ ᠭᠤᠶᠣ ᠰᠠᠶᠢᠬᠠᠨ ᠦᠵᠡᠮᠵᠢ ᠲᠠᠢ ᠃ ᠴᠢᠴᠢᠬᠠᠷ ᠠᠴᠠ ᠢᠷᠡᠭᠰᠡᠨ ᠵᠤᠭᠠᠴᠠᠭᠴᠢ ᠯᠢ ᠲᠤᠤ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠪᠣᠯ ᠲᠡᠷᠡ ᠠᠩᠬ᠎ᠠ ᠤᠳᠠᠭ᠎ᠠ ᠵᠠᠯᠠᠨ ᠠᠶᠢᠯ ᠳᠤ ᠢᠷᠡᠵᠤ ᠪᠠᠶᠢᠭ᠎ᠠ ᠶᠠᠪᠤᠳᠠᠯ ᠪᠣᠯᠤᠨ᠎ᠠ᠂ ᠵᠠᠯᠠᠨ ᠠᠶᠢᠯ ᠤᠨ ᠳᠡᠭᠦᠵᠢᠩ ᠬᠥᠭᠦᠷᠭᠡ ᠶᠢᠨ ᠴᠡᠴᠡᠷᠯᠢᠭ ᠢ ᠠᠯᠢ ᠡᠷᠲᠡ ᠠᠴᠠ ᠰᠣᠨᠣᠰᠴᠤ ᠥᠩᠭᠡᠷᠡᠭᠰᠡᠨ ᠶᠤᠮ᠂ ᠦᠵᠡᠮᠵᠢ ᠨᠢ  ᠭᠤᠶᠤ ᠮᠦᠷᠲᠡᠭᠡᠨ ᠠᠭᠤᠷ ᠠᠮᠢᠰᠬᠤᠯ ᠨᠢ ᠴᠡᠪᠡᠷ ᠲᠤᠩᠭᠠᠯᠠᠭ ᠰᠠᠨᠠᠭᠳᠠᠵᠤ᠂ ᠡᠭᠡ ᠪᠠᠶᠢᠭᠠᠯᠢ  ᠳᠤ ᠬᠦᠴᠢᠯᠳᠦᠷᠦᠭᠴᠢ ᠬᠠᠭ᠍ᠭᠠᠵᠦ ᠪᠠᠶᠢᠬᠤ ᠮᠡᠳᠤ ᠰᠢᠨ᠎ᠡ ᠰᠤᠷᠭᠤᠭ  ᠪᠠᠶᠢᠨ᠎ᠠ   ᠭᠡᠵᠡᠢ᠃ ᠲᠤᠬᠠᠶ ᠶᠢᠨ ᠭᠠᠵᠠᠷ ᠤᠨ ᠬᠤᠲᠠ ᠶᠢᠨ ᠠᠷᠠᠳ ᠴᠤ ᠮᠠᠰᠢ ᠬᠠᠯᠠᠭᠤᠮᠰᠤᠭ ᠪᠠᠶᠢᠵᠤ᠂ ᠬᠤᠯᠪᠣᠭᠳᠠᠯ ᠪᠦᠬᠦᠢ ᠠᠵᠢᠯᠲᠠᠳ ᠤᠨ ᠦᠢᠯᠡᠴᠢᠯᠡᠭᠡ ᠭᠦᠢᠴᠡᠳ ᠪᠠᠶᠢᠵᠤ᠂  ᠵᠤᠭᠠᠴᠠᠭᠰᠠᠳ‌ᠢ ᠪᠠᠶᠠᠷ ᠬᠥᠷ ᠲᠠᠢ ᠠᠮᠠᠷᠠᠯᠲᠠ ᠶᠢᠨ ᠬᠤᠭᠤᠴᠠᠭ᠎ᠠ ᠥᠩᠭᠡᠷᠡᠭᠦᠯᠵᠡᠶ᠃       ᠵᠠᠯᠠᠨ ᠠᠶᠢᠯ ᠬᠤᠳᠠ ᠶᠢᠨ ᠦᠵᠡᠮᠵᠢ ᠶᠢᠨ ᠣᠷᠣᠨ  ᠬᠥᠬᠡᠮᠳᠦᠭ ᠠᠭᠤᠯᠠ ᠬᠥᠬᠡᠷᠡᠨ ᠨᠣᠭᠤᠭᠠᠷᠠᠵᠤ᠂  ᠲᠤᠩᠭᠠᠯᠠᠭ ᠤᠰᠤ ᠡᠷᠭᠢᠯᠳᠦᠨ᠂ ᠡᠪᠡᠰᠦ ᠮᠣᠳᠣ ᠬᠥᠬᠡᠷᠡᠨ ᠨᠣᠭᠤᠭᠠᠷᠠᠵᠤ᠂ ᠲᠦᠢᠯ ᠤᠨ ᠭᠤᠶᠤ ᠰᠠᠶᠢᠬᠠᠨ ᠃ᠡᠨᠡ ᠬᠦ ᠠᠮᠠᠷᠠᠯᠲᠠ ᠶᠢᠨ ᠬᠤᠭᠤᠴᠠᠭᠠᠨ ᠳᠤ ᠲᠤᠬᠠᠶ ᠶᠢᠨ ᠭᠠᠵᠠᠷ ᠤᠨ ᠮᠠᠰᠢ ᠣᠯᠠᠨ ᠬᠤᠲᠠ ᠶᠢᠨ ᠠᠷᠠᠳ ᠪᠠ ᠡᠷᠬᠢᠨ ᠲᠣᠭᠤᠷᠢᠨ ᠤ ᠵᠤᠭᠠᠴᠠᠭᠰᠠᠳ ᠠᠳᠡ ᠢᠷᠡᠵᠦ ᠦᠵᠡᠮᠵᠢ ᠰᠣᠨᠢᠷᠬᠠᠨ ᠵᠤᠭᠠᠴᠠᠵᠤ᠂  ᠨᠢᠭᠡ ᠲᠠᠯ᠎ᠠ ᠪᠠᠷ ᠭᠤᠶᠣ ᠦᠵᠡᠮᠵᠢ ᠶᠢ ᠰᠣᠨᠢᠷᠬᠠᠨ᠂ ᠨᠥᠭᠦᠭᠡ ᠲᠠᠯ᠎ᠠ ᠪᠠᠷ  ᠲᠤᠬᠠᠶ  ᠭᠠᠵᠠᠷ ᠳᠤᠨᠢ ᠰᠡᠭᠦᠳᠡᠷ ᠲᠠᠲᠠᠵᠤ ᠳᠤᠷᠠᠰᠬᠠᠯ ᠦᠯᠡᠳᠡᠭᠡᠵᠦ᠂ ᠠᠮᠠᠷᠠᠯᠲᠠ ᠶᠢᠨ ᠡᠳᠦᠷ ᠤᠨ ᠲᠥᠷᠥᠯ ᠰᠠᠳᠤᠨ ᠨᠠᠶᠢᠵᠠ ᠨᠥᠬᠦᠳ ᠤᠨ ᠢᠶᠠᠨ ᠬᠠᠯᠠᠭᠤᠨ ᠳᠤᠯᠠᠭᠠᠨ ᠪᠠ ᠪᠠᠶᠠᠷ ᠪᠠᠶᠠᠰᠤᠯ ᠢ ᠡᠳ᠋ᠯᠡᠵᠦ ᠪᠠᠶᠢᠯ᠎ᠠ᠃       ᠵᠤᠭᠠᠴᠠᠭᠰᠠᠳ ᠲᠤ ᠬᠠᠯᠠᠭᠤᠨ ᠳᠤᠯᠠᠭᠠᠨ ᠠᠮᠤᠷ ᠲᠦᠪᠰᠢᠨ ᠵᠤᠭᠠᠴᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠵᠠᠯᠠᠨ ᠠᠶᠢᠯ ᠬᠤᠳᠠ  ᠶᠢᠨ  ᠠᠯᠲᠠᠷᠲᠣ‌ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠵᠠᠯᠠᠨ ᠠᠶᠢᠯ ᠬᠤᠳᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠤᠨ ᠪᠦᠬᠦ ᠠᠵᠢᠯᠲᠠᠳ ᠠᠵᠢᠯ ᠤᠨ ᠪᠠᠶᠢᠷᠢ ᠪᠠᠨ ᠪᠠᠲᠤ ᠰᠠᠬᠢᠭᠰᠠᠭᠠᠷ ᠪᠠᠶᠢᠨ᠎ᠠ᠃ ᠲᠡᠳᠡ ᠪᠣᠯ ᠬᠠᠮᠢᠶᠠᠷᠤᠭᠴᠢ᠂ ᠤᠬᠠᠭᠤᠯᠤᠭᠴᠢ᠂ ᠴᠡᠪᠡᠷᠯᠡᠭᠴᠢ᠂ ᠤᠯᠠᠨ ᠢᠶᠠᠷ ᠢᠶᠠᠨ ᠪᠦᠯᠬᠦᠮᠳᠡᠨ ᠬᠠᠮᠵᠢᠯᠴᠠᠵᠤ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ᠂ ᠵᠤᠭᠠᠴᠠᠭᠰᠠᠳ ᠤᠨ ᠯᠠᠪᠯᠠᠯᠲᠠ ᠶᠢ ᠬᠦᠯᠢᠴᠡᠩᠭᠦᠢ ᠪᠠᠷ ᠬᠠᠷᠢᠭᠤᠯᠵᠤ᠂ ᠵᠤᠭᠠᠴᠠᠯ ᠤᠨ ᠵᠠᠮ ᠱᠤᠭᠤᠮ ᠤᠨ ᠵᠢᠯᠣᠭᠤᠳᠤᠮᠵᠢ ᠵᠢᠴᠢ ᠵᠠᠮ ᠬᠠᠷᠢᠯᠴᠠᠭ᠎ᠠ ᠶᠢ ᠰᠢᠯᠤᠭᠤᠳᠬᠠᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠡᠯ᠎ᠡ ᠦᠵᠡᠮᠵᠢ ᠶᠢᠨ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠪᠣᠯᠪᠠᠰᠤᠨ ᠵᠤᠭᠠᠴᠠᠯ ᠤᠨ ᠤᠬᠠᠭᠤᠯᠭ᠎ᠠ ᠶᠢ ᠬᠦᠳᠦᠯᠦᠨ ᠵᠢᠯᠣᠭᠤᠳᠬᠤ ᠠᠵᠢᠯ ᠢ ᠢᠳᠡᠪᠬᠢᠲᠡᠢ ᠥᠷᠨᠢᠭᠦᠯᠵᠦ᠂ ᠪᠣᠬᠢᠷᠲᠤᠯ ᠦᠭᠡᠢ ᠠᠮᠤᠷ ᠲᠦᠪᠰᠢᠨ ᠢᠶᠠᠷ ᠵᠤᠭᠠᠴᠠᠬᠤ᠂ ᠪᠣᠯᠪᠠᠰᠤᠨ ᠢᠶᠠᠷ ᠵᠤᠭᠠᠴᠠᠬᠤ ᠵᠡᠷᠭᠡ ᠪᠣᠯᠪᠠᠰᠤᠨ ᠵᠤᠭᠠᠴᠠᠯ ᠤᠨ ᠰᠢᠨ᠎ᠡ ᠬᠡᠪ ᠰᠤᠷᠲᠠᠯ ᠢ ᠶᠡᠬᠡᠪᠡᠷ ᠰᠠᠨᠠᠭᠠᠴᠢᠯᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠡᠯ᠎ᠡ ᠦᠵᠡᠮᠵᠢ ᠶᠢᠨ ᠣᠷᠣᠨ ᠤ ᠡᠮᠬᠢ ᠳᠢᠭᠯᠢᠮ ᠲᠠᠢ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ ᠣᠶᠢᠯᠠᠭᠠᠭᠰᠠᠨ ᠢᠶᠠᠷ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠤ ᠡᠮᠦᠨ᠎ᠡ ᠭᠤᠷᠪᠠᠨ ᠡᠳᠦᠷ ᠤᠨ ᠳᠡᠭᠦᠵᠢᠩ ᠬᠥᠭᠦᠷᠭᠡ ᠶᠢᠨ ᠦᠵᠡᠮᠵᠢ ᠶᠢᠨ ᠣᠷᠣᠨ ᠳᠤ ᠵᠢᠭᠤᠯᠴᠢᠯᠠᠭᠴᠢᠳ ᠢ  ᠨᠠᠢᠮᠠᠨ ᠲᠦᠮᠡ ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠰᠢᠤᠱᠦ᠋ᠢ ᠶᠢᠨ ᠦᠵᠡᠮᠵᠢ ᠶᠢᠨ ᠣᠷᠣᠨ ᠳᠤ ᠵᠢᠭᠤᠯᠴᠢᠯᠠᠭᠴᠢᠳ ᠢ ᠳᠥᠷᠪᠡᠨ ᠲᠦᠮᠡ ᠭᠠᠷᠤᠶ ᠬᠥᠮᠦᠨ ᠤᠳᠠᠭ᠎ᠠ ᠭᠥᠯᠢᠶᠡᠨ ᠠᠪᠴᠤ ᠵᠣᠴᠢᠯᠠᠵᠠᠶ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ