ᠰᠡᠬᠡᠭᠡᠲᠡᠨ ᠵᠠᠯᠠᠭᠤᠴᠤᠳ ᠤᠨ ᠣᠨ ᠰᠠᠷ᠎ᠠ ᠶᠢ ᠡᠷᠭᠢᠴᠡᠭᠦᠯᠵᠦ ᠂ ᠡᠭᠦᠷᠭᠡ ᠬᠠᠷᠢᠭᠤᠴᠠᠯᠭ᠎ᠠ ᠶᠢ ᠬᠥᠭᠵᠢᠭᠡᠨ᠎ᠡ — ᠵᠠᠯᠠᠨ ᠠᠶᠢᠯ ᠬᠤᠳᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠰᠡᠬᠡᠭᠡᠲᠡᠨ ᠵᠠᠯᠠᠭᠤᠴᠤᠳ ᠤᠨ ᠮᠦᠽᠧᠢ ᠳᠤ ᠵᠤᠭᠠᠴᠠᠪᠠ
ᠨᠡᠶᠢᠲᠡᠯᠡᠭᠰᠡᠨ ᠴᠠᠭ᠄
2023/7/12
      ᠨᠠᠮ ᠤᠨ ᠭᠡᠰᠢᠭᠦᠨ ᠤ ᠬᠤᠭᠤᠷᠣᠨᠳᠣᠬᠢ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠲᠡᠮᠡᠴᠡᠯ ᠤᠨ ᠬᠥᠳᠡᠯᠭᠡᠬᠦ ᠬᠦᠴᠦᠨ ᠢ ᠬᠥᠭᠵᠢᠭᠡᠬᠦ ᠶᠢᠨ ᠲᠥᠯᠥᠭᠡ᠂ ᠨᠠᠮ ᠪᠠᠶᠢᠭᠤᠯᠤᠭᠳᠠᠭᠰᠠᠨ 102 ᠵᠢᠯ ᠤᠨ ᠤᠢ ᠪᠣᠯᠬᠤ ᠲᠠᠰᠢᠷᠠᠮ ᠢᠶᠠᠷ᠂ ᠵᠠᠯᠠᠨ ᠠᠶᠢᠯ ᠬᠤᠳᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠨᠠᠮ ᠤᠨ ᠡᠭᠦᠷ  ᠠᠴᠠ ︽ᠰᠡᠬᠡᠭᠡᠲᠡᠨ ᠵᠠᠯᠠᠭᠤᠴᠤᠳ ᠤᠨ ᠣᠨ ᠰᠠᠷ᠎ᠠ ᠶᠢ ᠡᠷᠭᠢᠴᠡᠭᠦᠯᠵᠦ ᠡᠭᠦᠷᠭᠡ ᠬᠠᠷᠢᠭᠤᠴᠠᠯᠭ᠎ᠠ ᠪᠠᠨ ᠪᠠᠳᠠᠷᠠᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠨ ᠪᠠᠭᠰᠢ ᠨᠠᠷ ᠢ ᠵᠣᠬᠢᠶᠠᠨ ᠪᠠᠶᠢᠭᠤᠯᠵᠤ ᠰᠡᠬᠡᠭᠡᠲᠡᠨ ᠵᠠᠯᠠᠭᠤᠴᠤᠳ ᠤᠨ ᠮᠦᠽᠧᠢ ᠳᠤ ᠲᠣᠭᠤᠷᠢᠨ  ᠦᠵᠡᠭᠦᠯᠦᠨ ᠰᠤᠷᠤᠯᠴᠠᠭᠤᠯᠵᠤ᠂ ᠬᠠᠯᠠᠭᠤᠨ ᠰᠡᠳᠬᠢᠯᠲᠦ ᠵᠠᠯᠠᠭᠤᠴᠤᠳ ᠤᠨ ᠥᠩᠭᠡᠷᠡᠯᠲᠡ ᠶᠢ ᠡᠷᠭᠢᠴᠡᠭᠦᠯᠪᠡ᠃       7 ᠰᠠᠷ᠎ᠠ ᠶᠢᠨ 1       ᠤ ᠦᠳᠡ ᠶᠢᠨ ᠡᠮᠦᠨ᠎ᠡ᠂ ᠮᠦᠽᠧᠢ ᠶᠢᠨ ᠠᠵᠢᠯᠲᠠᠳ ᠤᠨ ᠲᠠᠭᠠᠭᠤᠯᠭ᠎ᠠ ᠪᠠᠷ᠂ ᠪᠦᠬᠦ ᠨᠠᠮ ᠤᠨ ᠭᠡᠰᠢᠭᠦᠳ ︽ᠵᠠᠯᠠᠭᠤ ᠨᠠᠰᠤᠨ ᠤ ᠭᠤᠣᠯ ᠮᠥᠷᠡᠨ︾ ᠳᠤ ᠣᠷᠣᠵᠤ᠂ 50 ᠵᠢᠯ ᠤᠨ ᠡᠮᠦᠨ᠎ᠡ ᠠᠳᠠᠯᠢ ᠪᠤᠰᠤ ᠭᠠᠵᠠᠷ ᠣᠷᠣᠨ ᠠᠴᠠ ᠢᠷᠡᠭᠰᠡᠨ ᠰᠡᠬᠡᠭᠡᠲᠡᠨ ᠵᠠᠯᠠᠭᠤᠴᠤᠳ ᠵᠠᠯᠠᠨ ᠠᠶᠢᠯ ᠳᠤ ᠦᠨᠳᠦᠰᠦᠯᠡᠵᠦ᠂ ᠬᠢᠯᠢ ᠬᠢᠵᠠᠭᠠᠷ ᠲᠤ ᠬᠦᠴᠦ ᠪᠠᠨ ᠡᠷᠭᠦᠵᠦ᠂ ᠭᠠᠯ ᠤᠯᠠᠭᠠᠨ ᠰᠡᠬᠡᠭᠡᠲᠡᠨ ᠵᠠᠯᠠᠭᠤᠴᠤᠳ ᠤᠨ ᠣᠨ ᠰᠠᠷ᠎ᠠ ᠳᠤ ᠳᠠᠭᠤᠯᠠᠭᠰᠠᠨ ᠵᠠᠯᠠᠭᠤ ᠨᠠᠰᠤᠨ ᠤ ᠮᠠᠭᠲᠠᠭᠠᠯ ᠳᠠᠭᠤᠤ ᠶᠢ ᠣᠶᠢᠯᠠᠭᠠᠪᠠ᠃ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯ ᠤᠳ ᠠᠮᠢᠳᠤᠯᠢᠭ ᠰᠠᠶᠢᠬᠠᠨ ᠭᠡᠷᠡᠯ ᠵᠢᠷᠤᠭ ᠤᠳ ᠬᠥᠮᠦᠰ ᠤᠨ ᠰᠡᠳᠬᠢᠯ ᠢ ᠬᠥᠳᠡᠯᠭᠡᠮ᠎ᠡ ᠦᠯᠢᠭᠡᠷ ᠤᠳ ᠨᠢ ᠲᠤᠬᠠᠢ ᠶᠢᠨ ᠵᠢᠯ ᠤᠨ  ᠬᠠᠯᠠᠭᠤᠨ ᠰᠡᠳᠬᠢᠯᠭᠡ ᠲᠠᠢ ᠪᠠᠶᠢᠵᠤ᠂ ᠲᠤᠬᠠᠢ ᠶᠢᠨ ᠵᠢᠯ ᠤᠨ ᠠᠬᠤᠢ ᠪᠠᠶᠢᠳᠠᠯ ᠢ ᠪᠦᠬᠦ ᠲᠠᠯ᠎ᠠ ᠪᠠᠷ ᠠᠮᠢᠳᠤᠯᠢᠭ ᠢᠶᠠᠷ ᠢᠯᠡᠷᠡᠭᠦᠯᠵᠦ᠂ ᠪᠦᠬᠦ ᠨᠠᠮ ᠤᠨ ᠭᠡᠰᠢᠭᠦᠳ ᠲᠤ ᠰᠡᠬᠡᠭᠡᠲᠡᠨ ᠵᠠᠯᠠᠭᠤᠴᠤᠳ ᠤᠨ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠥᠷᠭᠡᠨ ᠤᠯᠠᠨ ᠲᠠᠷᠢᠶᠠᠴᠢᠳ ᠢ ᠬᠠᠪᠰᠤᠷᠴᠤ ᠲᠡᠳᠡᠨ ᠳᠤ ᠦᠢᠯᠡᠴᠢᠯᠡᠭᠰᠡᠨ ᠦᠢᠯᠡ ᠠᠵᠢᠯᠯᠠᠭ᠎ᠠ ᠶᠢ ᠣᠶᠢᠯᠠᠭᠠᠭᠤᠯᠬᠤ ᠶᠢᠨ ᠬᠠᠮᠲᠤ ᠪᠤᠶᠢᠳᠠ ᠪᠥᠭᠯᠡᠭᠦᠦ ᠬᠥᠳᠡᠭᠡ ᠲᠣᠰᠬᠤᠨ ᠤ ᠰᠡᠬᠡᠭᠡᠲᠡᠨ ᠵᠠᠯᠠᠭᠤᠴᠤᠳ ᠤᠨ ᠬᠦᠷᠴᠦ ᠢᠷᠡᠭᠰᠡᠨ ᠠᠴᠠ ᠪᠣᠯᠤᠭᠰᠠᠨ ᠡᠯ᠎ᠡ ᠵᠦᠢᠯ ᠤᠨ ᠬᠤᠪᠢᠷᠠᠯᠲᠠ ᠶᠢ ᠣᠯᠵᠤ ᠬᠠᠷᠠᠵᠠᠢ᠃ ᠰᠡᠬᠡᠭᠡᠲᠡᠨ ᠵᠠᠯᠠᠭᠤᠴᠤᠳ ᠤᠨ ᠮᠦᠽᠧᠢ ᠶᠢ ᠲᠣᠭᠤᠷᠢᠨ ᠦᠵᠡᠭᠰᠡᠨ ᠤ ᠲᠠᠷᠠᠭ᠎ᠠ ᠂ ᠰᠡᠬᠡᠭᠡᠲᠡᠨ ᠵᠠᠯᠠᠭᠤᠴᠤᠳ ᠤᠨ ᠣᠨ ᠰᠠᠷ᠎ᠠ ᠶᠢ ᠲᠠᠬᠢᠨ ᠡᠷᠭᠢᠴᠡᠭᠦᠯᠬᠦ ᠪᠠᠷ ᠲᠠᠮᠵᠢᠨ᠂ ᠡᠨᠡᠬᠦ ᠬᠡᠰᠡᠭ ᠲᠡᠦᠬᠡ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠪᠠ  ᠮᠡᠲᠡᠷᠡᠯᠲᠡ‌‍ᠲ᠋ᠠᠢ ᠪᠣᠯᠪᠠ᠂ ᠬᠤᠶᠢᠰᠢᠳᠠ ᠶᠢᠨ ᠠᠵᠢᠯ ᠤᠨ ᠳᠤᠮᠳᠠ ᠪᠠᠨ ᠰᠡᠬᠡᠭᠡᠲᠡᠨ ᠵᠠᠯᠠᠭᠤᠴᠤᠳ ᠤᠨ ᠵᠣᠪᠠᠭᠤᠷᠢ ᠵᠦᠳᠡᠭᠦᠷᠢ ᠠᠴᠠ ᠠᠶᠤᠬᠤ ᠦᠭᠡᠢ᠂ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ ᠭᠡᠵᠦ ᠤᠯᠠᠨ ᠢᠶᠠᠷ ᠢᠶᠠᠨ ᠢᠯᠡᠳᠭᠡᠪᠡ᠃      ᠰᠡᠬᠡᠭᠡᠲᠡᠨ ᠵᠠᠯᠠᠭᠤᠴᠤᠳ ᠤᠨ ᠮᠦᠽᠧᠢ ᠶᠢᠨ ᠠᠶᠠᠯᠠᠯ ᠡᠯᠪᠡᠭ ᠪᠠᠶᠠᠯᠢᠭ ᠣᠯᠤᠯᠲᠠ ᠲᠠᠢ ᠶᠤᠮ᠂ ᠡᠨᠡ ᠤᠳᠠᠭ᠎ᠠ ᠶᠢᠨ ᠲᠣᠭᠤᠷᠢᠨ ᠦᠵᠡᠬᠦ ᠪᠠᠷ ᠲᠠᠮᠵᠢᠨ᠂ ᠨᠠᠮ ᠤᠨ ᠭᠡᠰᠢᠭᠦᠨ ᠪᠠᠭᠰᠢ ᠨᠠᠷ  ᠲᠤ ᠭᠦᠨ  ᠰᠠᠭᠤᠭᠳᠠᠯ ᠪᠠ‌‍ᠬᠥ᠋ᠮᠦᠵᠢᠯ ᠬᠦᠷᠳᠡᠵᠡᠢ᠃  ᠡᠭᠦᠨ ᠤ ᠬᠠᠮᠳᠤ‌ᠡᠪ ᠬᠠᠮᠲᠤ ᠶᠣᠰᠣᠨ ᠤ ᠠᠮᠢᠳᠤᠷᠠᠬᠤᠶ ᠶᠢᠨ ᠦᠵᠡᠯᠲᠡ ᠪᠠ ᠦᠷᠳᠡᠭ ᠤᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠨᠡᠩ ᠴᠤᠭ ᠪᠠᠳᠠᠷᠠᠩᠭᠤᠶ ᠪᠠᠷ ᠰᠤᠷᠭᠠᠨ ᠬᠥᠮᠦᠵᠢᠯ ᠤᠨ ᠦᠢᠯᠡᠰ ᠤᠨ ᠠᠵᠢᠯ ᠳᠤ ᠣᠷᠣᠯᠴᠠᠬᠤ ᠬᠡᠷᠡᠭᠲᠡᠶ  ᠭᠡᠵᠦ ᠵᠢᠭᠠᠵᠤ ᠭᠠᠷᠭᠠᠪᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ