ᠵᠠᠯᠠᠨ ᠠᠶᠢᠯ ᠬᠤᠲᠠ ᠶᠢᠨ ᠮᠦᠽᠧᠶ ᠶᠢᠨ ᠲᠠᠨᠢᠯᠴᠠᠭᠤᠯᠭ᠎ᠠ---- ᠲᠡᠤᠬᠡ ᠶᠢᠨ ᠮᠦᠽᠧᠶ
ᠨᠡᠶᠢᠲᠡᠯᠡᠭᠰᠡᠨ ᠴᠠᠭ᠄
2023/7/12
ᠵᠠᠯᠠᠨ ᠠᠶᠢᠯ ᠬᠤᠲᠠ ᠶᠢᠨ ᠲᠡᠦᠬᠡ ᠶᠢᠨ ᠮᠦᠽᠧᠶ        ᠲᠤᠰ ᠤᠷᠳᠤᠨ1905 ᠣᠨ ᠳᠤ  ᠪᠠᠶᠢᠭᠤᠯᠠᠭᠲᠠᠭᠤᠨ᠂  ᠡᠭᠦᠨ  ᠠᠴᠠ ᠡᠮᠦᠨ᠎ᠡ ᠳᠤᠮᠳᠠᠳᠤ ᠳᠣᠷᠣᠨᠠᠲᠤ ᠶᠢᠨ ᠪᠠᠭᠤᠷᠠᠯᠲᠠ ᠶᠢᠨ ᠵᠠᠮ ᠤᠨ ᠴᠠᠭᠠᠨ ᠣᠷᠣᠰ ᠤᠨ ᠢᠵᠠᠭᠤᠷᠲᠠᠳ ᠤᠨ ᠵᠤᠭ᠎ᠠ ᠴᠡᠩᠭᠡᠯ ᠤᠨ ᠭᠠᠵᠠᠷ ᠪᠠᠶᠢᠭᠰᠠᠨ ᠪᠥᠭᠡᠳ ᠬᠤᠵᠢᠮ ᠨᠢ ᠵᠠᠯᠠᠨ ᠠᠶᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠪᠠ ᠰᠢᠩ ᠬᠤᠸᠠ ᠲᠣᠮᠢᠯᠠᠭᠰᠠᠨ ᠰᠠᠯᠪᠤᠷᠢ ᠵᠡᠷᠭᠡ ᠠᠯᠪᠠᠨ ᠭᠠᠵᠠᠷ ᠲᠤ ᠬᠡᠷᠡᠭᠯᠡᠵᠦ ᠪᠠᠶᠢᠪᠠ᠃ 2005ᠣᠨ ᠳᠤ᠂ ᠵᠠᠰᠠᠭ ᠤᠨ ᠣᠷᠳᠣᠨ ᠠᠴᠠ ᠲᠠᠷᠬᠠᠭᠠᠭᠰᠠᠨ ︹2005︺ 1 ᠳ᠋ᠦᠭᠡᠷ ᠲᠣᠭᠠᠲᠤ ᠬᠤᠷᠠᠯ ᠤᠨ ᠲᠣᠪᠴᠢ ᠲᠡᠮᠳᠡᠭᠯᠡᠯ ᠪᠠ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ ᠶᠢᠨ ᠭᠤᠶᠤᠴᠢᠯᠠᠯ ᠤᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠠᠴᠠ ᠦᠨ᠎ᠡ ᠲᠥᠯᠥᠪᠦᠷᠢ ᠥᠬᠡᠶ ᠪᠠᠷ ᠮᠦᠽᠧᠶ ᠳᠤ ᠰᠢᠯᠵᠢᠭᠦᠯᠦᠨ ᠬᠡᠷᠡᠭᠯᠡᠭᠦᠯᠪᠡ᠃ᠲᠡᠦᠬᠡ ᠶᠢᠨ ᠳᠤᠷᠠᠰᠬᠠᠯᠲᠤ ᠵᠦᠢᠯ ᠤᠨ ᠲᠠᠨᠢᠯᠴᠠᠭᠤᠯᠭ᠎ᠠ       ᠲᠤᠰ  ᠣᠷᠲᠤᠨ ᠪᠣᠯ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠢ ᠪᠣᠯᠤᠨ᠎ᠠ᠃  ᠲᠡᠭᠦᠨ ‍ᠦ‌‍ᠲ᠋ᠠᠯᠠᠪᠠᠢ ᠨᠢ2000 ᠭᠠᠷᠤᠢ ᠲᠡᠭᠰᠢ ᠳᠥᠷᠪᠡᠯᠵᠢᠨ   ᠮᠧᠲᠷ᠂  ᠪᠠᠷᠢᠯᠠᠭ᠎ᠠ‌‍ᠶᠢᠨ ᠲᠠᠯᠠᠪᠠᠢ ᠨᠢ 780 ᠲᠡᠭᠰᠢ ᠳᠥᠷᠪᠡᠯᠵᠢᠨ  ᠮᠧᠲᠷ᠂ ᠮᠦᠽᠧᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯ1000ᠭᠠᠷᠣᠢ ᠪᠠᠶᠢᠵᠤ᠂ ᠮᠠᠨ ᠤ ᠬᠤᠲᠠ ᠶᠢᠨ ᠪᠦᠬᠦ ᠲᠠᠯ᠎ᠠ ᠶᠢᠨ ᠲᠡᠦᠬᠡ ᠰᠣᠶᠣᠯ  ᠢ‌ᠤᠯᠠᠨ ᠨᠡᠶᠢᠲᠡ ᠳᠤ ᠳᠡᠯᠭᠡᠨ ᠦᠵᠡᠭᠦᠯᠬᠦ ᠴᠢᠬᠤᠯᠠ ᠲᠠᠯᠠᠪᠤᠷ ᠪᠣᠯᠤᠨ᠎ᠠ᠃2007ᠣᠨ ᠤ 5 ᠰᠠᠷ᠎ᠠ ᠶᠢᠨ 18       ᠤ ᠡᠳᠦᠷ ᠳᠠᠩᠰᠠᠯᠠᠭᠤᠯᠵᠤ ᠬᠢᠨᠠᠨ ᠵᠥᠪᠰᠢᠶᠡᠷᠡᠭᠦᠯᠦᠭᠡᠳ ᠠᠮᠵᠢᠯᠲᠠ ᠤᠯᠪᠠ᠃2009ᠣᠨ ᠤ 6 ᠰᠠᠷ᠎ᠠ ᠶᠢᠨ 10       ᠤ ᠡᠳᠦᠷ ᠤᠯᠤᠰ ᠤᠨ ᠭᠤᠷᠪᠠᠳᠤᠭᠠᠷ ᠳᠡᠰ ᠤᠨ ᠮᠦᠽᠧᠶ ᠪᠠᠷ ᠦᠨᠡᠯᠡᠭᠳᠡᠵᠦ᠂ 2010 ᠣᠨ ᠳᠤ ᠬᠤᠲᠠ ᠶᠢᠨ ᠳᠡᠰ ᠤᠨ ᠤᠯᠤᠰ ᠢᠶᠠᠨ ᠬᠠᠶᠢᠷᠠᠯᠠᠬᠤ ᠦᠵᠡᠯ ‍ᠤᠨ‌‍ᠰᠤᠶᠤᠯ ᠬᠥᠮᠦᠵᠢᠯ ᠤᠨ ᠰᠠᠭᠤᠷᠢᠨ ᠭᠠᠵᠠᠷ ᠢᠶᠠᠷ ᠦᠨᠡᠯᠡᠭᠳᠡᠵᠦ᠂ 2011 ᠣᠨ ᠳᠤ ᠤᠯᠤᠰ ᠤᠨ AA ᠳᠡᠰ ᠤᠨ ᠵᠢᠭᠤᠯᠴᠢᠯᠠᠯ ᠤᠨ ᠦᠵᠡᠮᠵᠢᠲᠦ ᠣᠷᠣᠨ ᠢᠶᠠᠷ ᠦᠨᠡᠯᠡᠭᠳᠡᠵᠡᠶ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ