ᠵᠠᠯᠠᠨ ᠠᠶᠢᠯ ᠤᠨ ᠠᠵᠤ ᠦᠢᠯᠡᠰ ᠤᠨ ᠬᠦᠷᠢᠶᠡᠯᠡᠩ ᠤᠨ ᠫᠢᠩ ᠠᠨ ᠵᠠᠮ ᠤᠨ ᠬᠠᠵᠠᠭᠤ ᠶᠢᠨ ᠬᠠᠮᠠᠭᠠᠯᠠᠯᠲᠠ ᠶᠢᠨ ᠪᠠᠷᠢᠯᠭ᠎ᠠ ᠶᠢᠨ ᠠᠵᠢᠯ ᠤᠨ ᠦᠨ᠎ᠡ ᠯᠠᠪᠯᠠᠬᠤ ᠲᠤᠬᠠᠶ ᠤᠷᠢᠯᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/7/25
ᠡᠯ᠎ᠡ ᠬᠤᠯᠪᠣᠭᠳᠠᠯ ᠪᠥᠬᠦᠶ ᠪᠠᠷᠢᠯᠭ᠎ᠠ ᠶᠢᠨ ᠬᠢᠵᠠᠭᠠᠷᠲᠤ ᠺᠣᠮᠫᠠᠨᠢ ᠳᠤ᠄      ᠬᠥᠯᠥᠨ ᠪᠤᠶᠢᠷ ᠤᠨ ᠯᠢᠩ ᠳ᠋ᠦᠩ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠠᠶᠢᠳᠠᠯᠭ᠎ᠠ ᠪᠠᠷ᠂ ᠵᠠᠯᠠᠨ ᠠᠶᠢᠯ ᠤᠨ ᠠᠵᠤ ᠤᠶᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠵᠠᠯᠠᠨ ᠠᠶᠢᠯ ᠤᠨ ᠠᠵᠤ ᠤᠶᠢᠯᠡᠰ ᠤᠨ ᠬᠦᠷᠢᠶᠡᠯᠡᠩ ᠤᠨ ᠫᠢᠩ ᠠᠨ ᠵᠠᠮ ᠳᠤ  ᠵᠠᠮ ᠤᠨ ᠬᠠᠵᠠᠭᠤ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠠᠵᠢᠯ ᠬᠢᠬᠦ ᠪᠠᠷ ᠪᠣᠶ᠃ ᠡᠳᠦᠭᠡ ᠲᠠᠨ ᠤ ᠺᠣᠮᠫᠠᠨᠢ ᠶᠢ ᠤᠷᠢᠵᠤ ᠣᠷᠣᠯᠴᠠᠭᠤᠯᠬᠤ ᠶᠢᠨ ᠬᠠᠮᠲᠤ 2023 ᠣᠨ ᠤ 7 ᠰᠠᠷ᠎ᠠ ᠶᠢᠨ 13      ᠤ ᠡᠳᠦᠷ ᠤᠨ ᠦᠳᠡ ᠶᠢᠨ ᠬᠤᠶᠢᠨᠠᠬᠢ 17᠄ 00      ᠠᠴᠠ ᠡᠮᠦᠨ᠎ᠡ ᠠᠵᠢᠯ ᠤᠨ ᠲᠥᠰᠦᠯ ᠢᠶᠠᠨ ᠲᠠᠮᠠᠭ᠎ᠠ ᠳᠠᠷᠤᠵᠤ ᠨᠢᠭᠲᠠ ᠪᠢᠲᠡᠭᠦᠮᠵᠢᠯᠡᠬᠦ ︵ᠨᠢᠭᠡ ᠬᠡᠯᠪᠡᠷᠢ ᠶᠢᠨ ᠭᠤᠷᠪᠠᠨ ᠬᠤᠪᠢ︶ ᠪᠠᠷ ᠵᠠᠯᠠᠨ ᠠᠶᠢᠯ ᠤᠨ ᠠᠵᠤ  ᠤᠶᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠭᠤᠷᠪᠠᠳᠤᠭᠠᠷ ᠳᠠᠪᠬᠤᠷᠯᠢᠭ ᠤᠨ 3005 ᠲᠠᠰᠤᠭ ᠲᠤ ᠬᠦᠷᠭᠡᠭᠡᠷᠡᠶ᠂ ᠬᠤᠭᠤᠴᠠᠭ᠎ᠠ ᠬᠡᠲᠦᠷᠡᠪᠡᠯ ᠥᠪᠡᠷ ᠢᠶᠠᠨ ᠬᠠᠶᠠᠭᠰᠠᠨ ᠢᠶᠠᠷ ᠪᠤᠳᠤᠨ᠎ᠠ᠃ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠬᠢᠳᠠᠯ ᠢᠶᠠᠷ ᠮᠡᠳᠡᠭᠳᠡᠶ᠎ᠡ       ᠨᠢᠭᠡ᠂ ᠪᠠᠷᠢᠯᠭ᠎ᠠ ᠪᠠᠷᠢᠬᠤ ᠠᠭᠤᠯᠭ᠎ᠠ      ᠵᠠᠯᠠᠨ ᠠᠶᠢᠯ ᠤᠨ ᠠᠵᠤ  ᠤᠶᠢᠯᠡᠰ ᠤᠨ ᠬᠦᠷᠢᠶᠡᠯᠡᠩ ᠤᠨ ᠫᠢᠩ ᠠᠨ ᠵᠠᠮ ᠤᠨ ᠵᠠᠮ ᠤᠨ ᠰᠠᠭᠤᠷᠢ ᠶᠢ 606 ᠮᠧᠲᠷ ᠬᠠᠮᠠᠭᠠᠯᠠᠬᠤ ᠪᠠ ᠪᠠᠬᠢᠯᠡᠨ᠎ᠡ᠂ ᠡᠭᠦᠨ ᠳᠤ᠄ ᠤᠷᠢᠳᠴᠢᠯᠠᠨ  ᠤᠶᠢᠯᠡᠳᠦᠭᠰᠡᠨ ᠬᠡᠰᠡᠭ ᠬᠠᠮᠠᠭᠠᠯᠠᠬᠤ ᠬᠥᠲᠥᠯ ᠤᠨ ᠬᠡᠮᠵᠢᠶ᠎ᠡ 356 ᠮᠧᠲᠷ᠂ ᠲᠦᠷᠭᠡᠨ ᠤᠷᠤᠰᠬᠠᠯ ᠤᠨ ᠬᠤᠩᠭᠢᠯ ᠤᠨ ᠤᠰᠤ ᠲᠠᠲᠠᠷᠠᠭᠤᠯᠬᠤ ᠬᠡᠮᠵᠢᠶ᠎ᠡ 180 ᠮᠧᠲᠷ᠂ ᠴᠠᠷᠳᠠᠮᠠᠯ ᠴᠢᠯᠠᠭᠤ ᠪᠠᠷ ᠪᠠᠷᠢᠭᠰᠠᠨ ᠬᠠᠮᠠᠭᠠᠯᠠᠬᠤ ᠬᠥᠲᠥᠯ ᠤᠨ ᠬᠡᠮᠵᠢᠶ᠎ᠡ 70 ᠮᠧᠲᠷ ᠪᠣᠯᠤᠨ᠎ᠠ᠃      ᠬᠤᠶᠠᠷ᠂ ᠪᠠᠷᠢᠯᠭ᠎ᠠ ᠪᠠᠷᠢᠬᠤ ᠴᠠᠭ ᠬᠤᠭᠤᠴᠠᠭ᠎ᠠ      ᠦᠶᠡᠷ ᠤᠨ ᠬᠤᠭᠤᠴᠠᠭᠠᠨ ᠤ ᠨᠥᠯᠥᠭᠡ ᠠᠴᠠ ᠪᠣᠯᠵᠣ᠂ ᠬᠠᠵᠠᠭᠤ ᠶᠢᠨ ᠨᠠᠯᠠᠤᠴᠠ ᠨᠡᠯᠢᠶᠡᠳ ᠥᠨᠳᠥᠷ ᠠᠴᠠ ᠪᠣᠯᠵᠣ᠂ ᠣᠶᠢᠷ᠎ᠠ ᠳᠤ ᠪᠣᠷᠣᠭᠠᠨ ᠤᠷᠤᠭᠰᠠᠨ ᠤ ᠳᠠᠷᠠᠭ᠎ᠠ ᠨᠢᠭᠡᠨᠲᠡ ᠬᠠᠵᠠᠭᠤ ᠶᠢᠨ ᠨᠠᠯᠠᠤ ᠶᠢᠨ ᠬᠡᠰᠡᠭ ᠭᠠᠵᠠᠷ ᠨᠤᠷᠠᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠵᠤ ᠪᠠᠶᠢᠨ᠎ᠠ᠃ ᠡᠶᠢᠮᠦ ᠠᠴᠠ᠂ ᠪᠠᠷᠢᠯᠭ᠎ᠠ ᠶᠢᠨ ᠨᠢᠭᠡᠴᠢ ᠨᠢ ᠬᠤᠶᠠᠷ ᠲᠠᠯ᠎ᠠ ᠪᠠᠷ ᠢᠶᠠᠨ ᠭᠡᠷ᠎ᠡ ᠲᠣᠭᠲᠠᠭᠠᠭᠰᠠᠨ ᠡᠳᠦᠷ ᠠᠴᠠ ᠡᠬᠢᠯᠡᠨ᠂ 15 ᠡᠳᠦᠷ ᠤᠨ ᠳᠣᠲᠣᠷ᠎ᠠ ᠫᠢᠩ ᠠᠨ ᠵᠠᠮ ᠤᠨ ᠬᠠᠵᠠᠭᠤ ᠶᠢᠨ ᠬᠠᠮᠠᠭᠠᠯᠠᠯᠲᠠ ᠶᠢᠨ ᠪᠠᠷᠢᠯᠭ᠎ᠠ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃      ᠭᠤᠷᠪᠠ᠂ ᠪᠠᠷᠢᠯᠭ᠎ᠠ ᠶᠢᠨ ᠦᠨ᠎ᠡ ᠮᠡᠳᠡᠭᠦᠯᠬᠦ ᠱᠠᠭᠠᠷᠳᠠᠯᠭ᠎ᠠ      ᠲᠣᠰ ᠤᠳᠠᠭᠠᠨ ᠤ ᠳᠠᠭᠠᠭᠠᠴᠢᠯᠠᠯᠲᠠ ᠤᠷᠢᠬᠤ ᠪᠠᠷᠢᠯᠭ᠎ᠠ ᠶᠢᠨ  ᠵᠤᠶᠢᠯᠡᠰ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠨᠢ ᠡᠳ᠋ ᠤᠨ ᠵᠠᠰᠠᠭ ᠤᠨ ᠪᠠᠯᠠ ᠮᠥᠩᠭᠦ ᠠᠴᠠ ᠭᠠᠷᠭᠠᠨ᠎ᠠ᠃      1.ᠬᠢᠷᠢ ᠬᠡᠮ ᠤᠨ ᠱᠠᠭᠠᠷᠳᠠᠯᠭ᠎ᠠ᠄ ᠲᠤᠰ ᠤᠳᠠᠭᠠᠨ ᠤ ᠳᠠᠭᠠᠭᠠᠴᠢᠯᠠᠯᠲᠠ ᠵᠠᠷᠯᠠᠬᠤ ᠳᠤ ᠳᠠᠭᠠᠭᠠᠴᠢᠯᠠᠯᠲᠠ ᠳᠤ ᠣᠷᠣᠭᠴᠢ ᠨᠢ ᠡᠷᠬᠡᠪᠰᠢ ᠳᠤᠮᠳᠠᠳᠤ ᠤᠯᠤᠰ ᠤᠨ ᠬᠢᠯᠢ ᠶᠢᠨ ᠳᠣᠲᠣᠷ᠎ᠠ ᠳᠠᠩᠰᠠᠯᠠᠭᠤᠯᠤᠨ ᠪᠠᠶᠢᠭᠤᠯᠤᠭᠰᠠᠨ ᠪᠥᠭᠡᠳ ᠬᠦᠴᠦᠨ ᠲᠠᠢ ᠪᠠᠷ ᠣᠷᠣᠰᠢᠨ ᠦᠷᠭᠦᠯᠵᠢᠯᠡᠬᠦ ᠠᠵᠤ ᠠᠬᠤᠶᠢᠯᠠᠯ ᠤᠨ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠪᠠᠶᠢᠬᠤ ᠬᠡᠷᠡᠭᠲᠡᠶ᠃      2.ᠪᠠᠷᠢᠯᠭ᠎ᠠ ᠪᠠᠷᠢᠬᠤ ᠨᠢᠭᠡᠴᠢ ᠶᠢᠨ ᠦᠨᠳᠦᠰᠦᠨ ᠪᠠᠶᠢᠳᠠᠯ᠃      3. ᠪᠠᠷᠢᠯᠭ᠎ᠠ ᠶᠢᠨ ᠨᠢᠭᠡᠴᠡ ᠶᠢᠨ ᠡᠵᠡᠩᠨᠡᠯᠲᠡ ᠶᠢᠨ ᠦᠨᠡᠮᠯᠡᠯ ᠵᠢᠴᠢ ᠬᠠᠮᠢᠶ᠎ᠠ ᠪᠦᠬᠦᠢ ᠬᠢᠷᠢ ᠬᠡᠮ ᠤᠨ ᠦᠨᠡᠮᠯᠡᠯ᠃      4. ᠪᠠᠷᠢᠯᠭ᠎ᠠ ᠶᠢᠨ ᠵᠠᠷᠤᠳᠠᠯ ᠤᠨ ᠦᠨ᠎ᠡ ᠶᠢ ᠮᠡᠳᠡᠭᠦᠯᠬᠦ᠄ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠳᠤ ᠰᠦᠢᠳᠭᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠭᠰᠠᠨ ᠰᠠᠭᠤᠷᠢᠨ ᠳᠡᠭᠡᠷ᠎ᠡ ᠦᠨ᠎ᠡ ᠶᠢ ᠵᠦᠶ ᠵᠣᠬᠢᠰᠲᠠᠶ ᠮᠡᠳᠡᠭᠦᠯᠦᠨ᠎ᠡ᠃      5 . ᠨᠠᠶᠢᠳᠠᠯᠭ᠎ᠠ ᠶᠢᠨ ᠵᠠᠷᠴᠢᠮ ᠪᠠ ᠠᠷᠭ᠎ᠠ ᠬᠡᠯᠪᠡᠷᠢ      ᠢᠯᠡ ᠲᠣᠳᠣ᠂ ᠲᠥᠪ ᠭᠤᠣᠯᠴᠢ᠂ ᠡᠷᠬᠡ ᠲᠡᠭᠰᠢ᠂ ᠦᠷ᠎ᠡ ᠠᠰᠢᠭ ᠲᠠᠢ ᠪᠠᠶᠢᠬᠤ ᠵᠠᠷᠴᠢᠮ ᠢ ᠪᠠᠷᠢᠮᠲᠠᠯᠠᠨ᠎ᠠ᠃      ᠲᠣᠰ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠪᠠᠷᠢᠬᠤ ᠨᠢᠭᠡᠴᠡ ᠦᠨ᠎ᠡ ᠯᠠᠪᠯᠠᠬᠤ ᠠᠷᠭ᠎ᠠ ᠮᠠᠶ᠋ᠢᠭ ᠢ ᠰᠣᠩᠭᠤᠵᠤ᠂ ᠮᠠᠨ ᠤ ᠨᠢᠭᠡᠴᠡ ᠪᠠᠷᠢᠯᠭ᠎ᠠ ᠪᠠᠷᠢᠬᠤ ᠨᠢᠭᠡᠴᠡ ᠶᠢᠨ ᠮᠡᠳᠡᠭᠦᠯᠦᠭᠰᠡᠨ ᠦᠨ᠎ᠡ ᠶᠢ ᠦᠨᠳᠦᠰᠦᠯᠡᠨ᠂ ᠶᠡᠷᠦᠩᠬᠡᠶᠢᠯᠡᠭᠰᠡᠨ ᠪᠣᠳᠠᠲᠤ ᠬᠦᠴᠦᠨ᠂ ᠬᠠᠮᠢᠶ᠎ᠠ ᠪᠥᠬᠦᠶ ᠠᠵᠢᠯ ᠤᠨ ᠪᠦᠲᠦᠮᠵᠢ᠂ ᠮᠡᠳᠡᠭᠦᠯᠦᠭᠰᠡᠨ ᠦᠨ᠎ᠡ ᠵᠡᠷᠭᠡ ᠲᠠᠯ᠎ᠠ ᠠᠴᠠ ᠶᠡᠷᠦᠩᠬᠡᠶᠢᠯᠡᠨ ᠪᠣᠳᠣᠯᠬᠢᠯᠠᠨ᠎ᠠ᠃      ᠦᠨ᠎ᠡ ᠯᠠᠪᠯᠠᠬᠤ ᠨᠢᠭᠡᠴᠡ᠄ ᠵᠠᠯᠠᠨ ᠠᠶᠢᠯ ᠤᠨ ᠠᠵᠤ  ᠤᠶᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ      ᠬᠠᠶ᠋ᠢᠭ᠄ ᠵᠠᠯᠠᠨ ᠠᠶᠢᠯ ᠬᠤᠲᠠ ᠶᠢᠨ ᠾᠧ ᠰᠢ ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠭᠤᠷᠪᠠᠳᠤᠭᠠᠷ ᠳᠠᠪᠬᠤᠷᠭ᠎ᠠ    ᠰᠢᠦᠳᠠᠨ ᠳ᠋ᠤᠭᠠᠷ᠄ 162650    ᠬᠠᠷᠢᠯᠴᠠᠬᠤ ᠬᠥᠮᠦᠨ᠄ ᠸᠠᠩ ᠵᠢᠶᠠᠨ ᠵᠢᠶᠦ᠋ᠨ    ᠬᠠᠷᠢᠯᠴᠠᠬᠤ ᠤᠲᠠᠰᠤ᠄ 0470 — 3265395                         ᠵᠠᠯᠠᠨ ᠠᠶᠢᠯ ᠤᠨ ᠠᠵᠤ ᠦᠢᠯᠡᠰ ᠤᠨ ᠬᠦᠷᠢᠶᠡᠯᠡᠩ                          ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ                                   2023 ᠤᠨ 7 ᠰᠠᠷ᠎ᠠ ᠶᠢᠨ 10 ᠤ ᠡᠳᠦᠷ  
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ