︽ᠪᠢᠴᠢᠭ ᠤᠨ ᠰᠤᠷᠪᠤᠯᠵᠢ ᠶᠢ ᠬᠠᠮᠲᠤ ᠪᠠᠷ‌ᠤᠩᠰᠢᠵᠤ ᠠᠯᠤᠰ ᠢ ᠵᠣᠷᠢᠬᠤ ︾ — ᠵᠠᠯᠠᠨ ᠠᠶᠢᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ  ᠵᠢᠨ‌‍ᠲ᠋ᠣᠭᠤᠷᠢᠭ ᠰᠢᠷᠡᠭᠡᠨ  ᠤ ᠤᠩᠰᠢᠯᠭ᠎ᠠ ᠶᠢ ᠬᠠᠮᠲᠤ ᠪᠠᠷ ᠬᠤᠪᠢᠶᠠᠯᠴᠠᠬᠤ ᠬᠤᠷᠠᠯ
ᠨᠡᠶᠢᠲᠡᠯᠡᠭᠰᠡᠨ ᠴᠠᠭ᠄
2023/7/28
      ᠲᠤᠮᠳᠠᠳᠤ ᠰᠤᠷᠭᠠᠭᠤᠯᠢ ᠶᠢᠨ ᠪᠠᠭᠰᠢ ᠨᠠᠷ  ᠤᠨ ᠤᠩᠰᠢᠯᠭ᠎ᠠ ᠶᠢᠨ ᠴᠢᠨᠠᠷ ᠴᠢᠨᠰᠠᠭ᠎ᠠ  ᠪᠠ ᠤᠩᠰᠢᠯᠭ᠎ᠠ ᠶᠢᠨ ᠭᠦᠨᠴᠡ ᠶᠢ ᠳᠡᠭᠡᠭᠰᠢᠯᠡᠭᠦᠯᠵᠦ᠂ ᠪᠠᠭᠰᠢ ᠨᠠᠷ ᠤᠨ ᠤᠩᠰᠢᠯᠭ᠎ᠠ ᠶᠢᠨ ᠳᠠᠳᠬᠠᠯ ᠢ  ᠬᠦᠮᠦᠵᠢᠭᠦᠯᠦᠨ᠂ ᠨᠣᠮ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠵᠤ᠂ ᠰᠤᠷᠭᠠᠭᠤᠯᠢ ᠶᠢᠨ ᠤᠩᠰᠢᠯᠭ᠎ᠠ ᠶᠢᠨ ᠰᠣᠶᠣᠯ ᠤᠨ ᠬᠠᠮᠲᠤ ᠶᠢᠨ ᠴᠣᠭᠴᠠ ᠶᠢ ᠪᠠᠶᠢᠭᠤᠯᠵᠤ᠂ ᠰᠤᠷᠭᠠᠨ ᠬᠥᠮᠦᠵᠢᠯ ᠢ ᠦᠨᠡᠨ ᠬᠦ ᠬᠡᠷ ᠲᠡᠭᠡᠨ ᠬᠠᠷᠢᠬᠤ ᠵᠠᠮ ᠳᠤ ᠣᠷᠣᠭᠤᠯᠬᠤ ᠶᠢᠨ ᠲᠥᠯᠥᠭᠡ᠂ ᠵᠠᠯᠠᠨ ᠠᠶᠢᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ︽ᠲᠣᠭᠤᠷᠢᠭ ᠰᠢᠷᠡᠭᠡᠨ ᠤ ᠤᠩᠰᠢᠯᠭ᠎ᠠ ᠶᠢᠨ ᠴᠤᠭᠯᠠᠭᠠᠨ︾ ᠢ 2023 ᠣᠨ ᠤ 7 ᠰᠠᠷ᠎ᠠ ᠶᠢᠨ 14        ᠤ ᠡᠳᠦᠷ ᠰᠤᠷᠭᠠᠭᠤᠯᠢ ᠶᠢᠨ ᠪᠠᠭᠰᠢ ᠶᠢᠨ ᠤᠩᠰᠢᠯᠭ᠎ᠠ ᠶᠢᠨ ᠲᠠᠰᠤᠭ ᠲᠤ ᠡᠷᠭᠢᠯᠡᠪᠡ᠃ ᠵᠠᠯᠠᠭᠤ ᠪᠠᠭᠰᠢ ᠨᠠᠷ ︽ᠨᠢᠭᠡᠳᠦᠭᠡᠷ ᠹᠷᠣᠨᠲ ᠲᠤ ᠠᠩᠭᠢ ᠳᠠᠭᠠᠭᠤᠯᠤᠨ᠎ᠠ︾᠂ ︽ᠠᠩᠭᠢ ᠶᠢᠨ ᠡᠷᠬᠢᠯᠡᠭᠴᠢ ᠶᠢᠨ ᠠᠵᠢᠯ ᠤᠨ ᠲᠤᠬᠠᠶ  ᠶᠠᠷᠢᠯᠴᠠᠭ᠎ᠠ︾᠂ ︽ᠪᠠᠭᠰᠢ ᠨᠠᠷ ᠲᠤ ᠥᠭᠭᠦᠭᠰᠡᠨ  100 ᠵᠤᠷᠪᠤᠰ ᠰᠠᠨᠠᠭᠤᠯᠭ᠎ᠠ︾ ᠭᠡᠬᠦ ᠭᠤᠷᠪᠠᠨ ᠨᠣᠮ ᠢ ᠬᠠᠮᠲᠤ ᠪᠠᠷ ᠤᠩᠰᠢᠭᠰᠠᠨ ᠰᠠᠭᠤᠷᠢᠨ ᠳᠡᠭᠡᠷ᠎ᠡ᠂ ᠠᠵᠢᠯ ᠤᠨ  ᠦᠢᠯᠡᠳᠦᠯᠭᠡ ᠲᠠᠢ ᠪᠠᠨ ᠤᠶᠠᠯᠳᠤᠭᠤᠯᠤᠨ ᠤᠯᠤᠯᠳᠠ‌‍ᠲ᠋ᠥ᠋ᠷᠥᠭᠳᠡᠯ ᠢᠶᠠᠨ ᠶᠠᠷᠢᠯᠴᠠᠵᠤ᠂ ᠲᠥᠭᠡᠷᠢᠭᠳᠡᠯ ᠢᠶᠠᠨ ᠬᠠᠮᠲᠤ ᠪᠠᠷ ᠬᠤᠪᠢᠶᠠᠯᠴᠠᠵᠤ᠂ ᠰᠠᠨᠠᠭᠤᠯᠭ᠎ᠠ ᠪᠠᠨ ᠬᠠᠮᠲᠤ ᠪᠠᠷ ᠶᠠᠷᠢᠯᠴᠠᠪᠠ᠃ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ ᠸᠠᠩ ᠰᠢᠶᠤᠤ ᠬᠤᠩ᠂ ᠳᠡᠳ᠋ ᠵᠠᠬᠢᠷᠤᠯ ᠸᠠᠩ ᠯᠢᠩ᠂ ᠯᠢ ᠭᠦᠸᠧ ᠴᠧᠩ᠂ ᠶᠠᠩ ᠬᠤᠩ ᠯᠢᠶᠠᠩ᠂ ᠬᠢᠴᠢᠶᠡᠯ ᠬᠥᠮᠦᠵᠢᠯ ᠤᠨ ᠭᠠᠵᠠᠷ ᠤᠨ ᠳᠡᠳ᠋ ᠡᠷᠬᠢᠯᠡᠭᠴᠢ ᠭᠦᠸᠧ ᠢᠦᠶ ᠰᠢᠶᠠ   ᠵᠡᠷᠭᠡ‌‍ᠰᠤᠷᠭᠠᠭᠤᠯᠢ ᠶᠢᠨ ᠵᠠᠯᠠᠭᠤ ᠪᠠᠭᠰᠢ ᠨᠠᠷ ᠲᠠᠢ ᠳᠣᠲᠣᠨᠣ ᠪᠠᠷ ᠶᠠᠷᠢᠯᠴᠠᠪᠠ᠃      ᠪᠠᠭᠰᠢ ᠨᠠᠷ ᠬᠤᠭᠤᠷᠣᠨᠳᠣ ᠪᠠᠨ ᠦᠵᠡᠯ ᠰᠠᠨᠠᠭ᠎ᠠ ᠪᠠᠨ ᠰᠣᠯᠢᠯᠴᠠᠵᠤ᠂ ᠣᠮᠤᠭ ᠲᠡᠭᠦᠯᠳᠡᠷ ᠢᠶᠠᠷ ᠶᠠᠷᠢᠯᠴᠠᠨ᠂ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠰᠡᠳᠬᠢᠯ ᠤᠨ ᠭᠦᠨ ᠳᠤ  ᠬᠦᠷᠦᠭᠰᠡᠳ ᠳᠣᠭᠳᠣᠯᠤᠭᠰᠠᠨ ᠨᠢᠯᠪᠤᠰᠤ ᠮᠡᠯᠲᠡᠭᠡᠨᠡᠵᠦ ᠪᠠᠶᠢᠯ᠎ᠠ᠃ᠵᠠᠷᠢᠮ ᠨᠢ ᠠᠩᠭᠢ ᠶᠢᠨ ᠬᠠᠮᠢᠶᠠᠷᠤᠯᠲᠠ ᠶᠢᠨ ᠲᠥᠭᠡᠷᠢᠭᠳᠡᠯ   ᠢᠶᠠᠨ ᠶᠠᠷᠢᠵᠤ᠂ ᠵᠠᠷᠢᠮ ᠨᠢ ᠠᠩᠭᠢ ᠳᠠᠭᠠᠭᠤᠯᠤᠭᠴᠢ ᠶᠢᠨ ᠣᠯᠤᠯᠲᠠ ᠲᠥᠷᠥᠭᠳᠡᠯ  ᠢᠶᠠᠨ ᠶᠠᠷᠢᠵᠤ᠂ ᠵᠠᠷᠢᠮ ᠨᠢ ᠥᠪᠡᠷ ᠤᠨ ᠬᠠᠮᠢᠶᠠᠷᠤᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠶᠠᠷᠢᠵᠤ᠂ ᠲᠤᠬᠠᠶ ᠶᠢᠨ ᠲᠠᠯᠠᠪᠤᠷ ᠲᠤ ᠪᠠᠶᠢᠭᠰᠠᠨ ᠪᠠᠭᠰᠢ ᠨᠢᠭᠡᠪᠦᠷᠢ ᠳᠤ ᠦᠯᠡᠮᠵᠢ ᠣᠯᠠᠨ ᠡᠷᠬᠢᠮ ᠨᠠᠨᠳᠢᠨ ᠡᠳ᠋ ᠬᠥᠷᠥᠩᠭᠡ ᠶᠢ ᠦᠯᠡᠳᠡᠭᠡᠨ ᠥᠭᠴᠦ᠂ ᠵᠠᠯᠠᠭᠤᠴᠤᠳ ᠲᠤ ᠠᠩᠭᠢ ᠶᠢᠨ ᠬᠠᠮᠢᠶᠠᠷᠤᠯᠲᠠ ᠶᠢᠨ ᠲᠠᠯ᠎ᠠ ᠪᠠᠷ ᠨᠡᠩ ᠣᠯᠠᠨ ᠠᠷᠭ᠎ᠠ ᠠᠪᠴᠢᠯ ᠪᠠ ᠤᠷ᠎ᠠ ᠮᠡᠷᠭᠡᠵᠢᠯ ᠢ ᠬᠠᠩᠭᠠᠵᠤ ᠥᠭᠭᠦᠭᠰᠡᠨ ᠪᠠᠶᠢᠨ᠎ᠠ᠃                ᠬᠤᠪᠢᠶᠠᠯᠴᠠᠨ ᠡᠳ᠋ᠯᠡᠬᠦ ᠶᠠᠪᠤᠴᠠ ᠳᠤ᠂ ᠰᠤᠷᠭᠠᠭᠤᠯᠢ ᠶᠢᠨ ᠵᠠᠬᠢᠷᠤᠯ ᠨᠠᠷ ᠨᠠᠷᠢᠨ ᠬᠢᠨᠠᠮᠠᠭᠠᠢ ᠰᠣᠨᠣᠰᠴᠤ᠂ ᠭᠦᠨ ᠵᠤᠵᠠᠭᠠᠨ    ᠶᠠᠷᠢᠯᠴᠠᠶ᠎ᠠ ᠳᠤᠮᠳᠠ ᠪᠡᠶ᠎ᠡ ᠪᠠᠷ ᠢᠶᠠᠨ  ᠤᠷᠤᠯᠴᠠᠵᠦ᠂ ᠥᠪᠡᠷ ᠤᠨ ᠠᠩᠬᠢ ᠳᠠᠭᠠᠭᠤᠯᠤᠭᠰᠠᠨ ᠲᠤᠷᠰᠢᠯᠭ᠎ᠠ᠂   ᠬᠠᠮᠢᠶᠠᠷᠠᠯᠳᠠ‌‍ᠶᠢᠨ ᠲᠤᠷᠰᠢᠯᠭ᠎ᠠ᠂ ᠵᠢᠭᠠᠨ ᠰᠤᠷᠭᠠᠯᠲᠠ ᠶᠢᠨ ᠲᠤᠷᠰᠢᠯᠭ᠎ᠠ ᠵᠡᠷᠭᠡ ᠲᠠᠯ᠎ᠠ ᠪᠠᠷ ᠨᠢᠭᠡᠳ ᠨᠢᠭᠡ ᠪᠠᠷ ᠬᠤᠪᠢᠶᠠᠯᠴᠠᠨ ᠡᠳ᠋ᠯᠡᠵᠦ᠂ ᠵᠠᠯᠠᠭᠤ ᠪᠠᠭᠰᠢ ᠨᠠᠷ ᠠᠮᠢᠳᠤᠷᠠᠯ  ᠶᠢᠨ ᠴᠠᠭ ᠮᠦᠴᠡ ᠶᠢ ᠡᠳ᠋ᠯᠡᠬᠦ ᠶᠢ ᠰᠤᠷᠬᠤ ᠶᠢᠨ ᠬᠠᠮᠲᠤ ᠰᠤᠷᠭᠠᠨ ᠬᠥᠮᠦᠵᠢᠯ ᠤᠨ ᠠᠪᠴᠢᠷᠠᠭᠰᠠᠨ ᠵᠣᠯ ᠵᠢᠷᠭᠠᠯ ᠪᠠ ᠪᠠᠶᠠᠷ ᠪᠠᠶᠠᠰᠤᠯ ᠢ ᠡᠳ᠋ᠯᠡᠬᠦ ᠶᠢ ᠬᠦᠰᠡᠨ ᠵᠦᠭᠨᠡᠪᠡ᠃ ᠲᠠᠭᠠᠯᠠᠮᠵᠢᠲᠠᠶ ᠰᠠᠶᠢᠬᠠᠨ ᠳᠠᠭᠤᠤ ᠬᠥᠭᠵᠢᠮ᠂ ᠨᠣᠮ ᠤᠩᠰᠢᠬᠤ ᠠᠭᠤᠷ ᠠᠮᠢᠰᠬᠤᠯ ᠢᠶᠠᠷ ᠪᠠᠭᠰᠢ ᠨᠠᠷ ᠲᠤ ᠪᠢᠴᠢᠯ ᠭᠡᠷᠡᠯ ᠤᠨ ᠤᠩᠰᠢᠯᠭ᠎ᠠ ᠶᠢᠨ ᠴᠠᠭ ᠢ ᠭᠦᠢᠴᠡᠳ  ᠡᠳ᠋ᠯᠡᠭᠦᠯᠦᠭᠰᠡᠨ ᠪᠠᠶᠢᠨ᠎ᠠ᠃       ᠬᠠᠷᠢᠯᠴᠠᠨ ᠨᠣᠮ ᠤᠨ ᠱᠣᠰᠢᠭ᠎ᠠ ᠪᠡᠯᠡᠭᠯᠡᠬᠦ ᠠᠵᠢᠯᠯᠠᠭ᠎ᠠ ᠨᠢ ᠲᠣᠰ ᠤᠳᠠᠭᠠᠨ ᠤ ᠠᠵᠢᠯᠯᠠᠭ᠎ᠠ ᠶᠢᠨ ᠬᠠᠮᠤᠭ ᠰᠡᠭᠦᠯᠴᠢ ᠶᠢᠨ ᠨᠢᠭᠡ ᠭᠤᠭᠴᠤᠭ᠎ᠠ ᠪᠣᠯᠤᠭᠰᠠᠨ ᠤ ᠬᠤᠪᠢ ᠳᠤ᠂ ᠲᠣᠰ ᠤᠳᠠᠭᠠᠨ ᠤ ᠲᠤᠭᠤᠷᠢᠭ‌‍ᠰᠢᠷᠡᠭᠡᠨ ᠤ ᠤᠩᠰᠢᠯᠭ᠎ᠠ ᠶᠢ ᠬᠤᠪᠢᠶᠠᠯᠴᠠᠨ ᠡᠳ᠋ᠯᠡᠬᠦ ᠬᠤᠷᠠᠯ ᠢ ᠲᠡᠭᠦᠰ ᠠᠮᠵᠢᠯᠲᠠ ᠲᠠᠢ ᠲᠡᠭᠦᠰᠬᠡᠵᠦ᠂ ᠣᠯᠠᠨ ᠢᠶᠠᠷ ᠢᠶᠠᠨ ᠥᠪᠡᠷ ᠢᠶᠠᠨ ᠵᠣᠬᠢᠶᠠᠭᠰᠠᠨ ᠨᠣᠮ ᠤᠨ ᠱᠣᠰᠢᠭ᠎ᠠ ᠪᠠᠷ  ︽ᠣᠯᠠᠨ ᠤ︾  ᠰᠤᠷᠭᠠᠨ ᠬᠥᠮᠦᠵᠢᠯ ᠤᠨ ᠠᠯᠳᠠᠷᠲᠤ  ᠦᠭᠡᠰ ᠶᠢ ᠪᠢᠴᠢᠵᠦ᠂ ᠨᠠᠩ ᠴᠤ ᠪᠠᠭᠰᠢ ᠨᠠᠷ ᠤᠨ ᠰᠡᠳᠬᠢᠯ ᠤᠨ ᠲᠠᠭᠤᠨ ᠢ ᠪᠢᠴᠢᠭᠯᠡᠵᠦ᠂  ᠬᠠᠷᠢᠯᠴᠢᠨ ᠤᠯᠤᠯᠳᠠ ᠲᠥᠷᠥᠭᠳᠡᠯ   ᠢᠶᠠᠨ ᠬᠤᠪᠢᠶᠠᠯᠴᠠᠨ᠎ᠠ᠃      ᠰᠠᠶᠢᠨ ᠨᠣᠮ ᠤᠩᠰᠢᠵᠤ᠂ ᠦᠨᠡᠨ ᠨᠣᠮ ᠤᠩᠰᠢᠵᠤ᠂ ᠰᠡᠳᠬᠢᠯ ᠲᠠᠯᠪᠢᠨ ᠤᠩᠰᠢᠵᠤ᠂ ᠠᠵᠢᠯᠯᠠᠭ᠎ᠠ ᠨᠢ ᠨᠣᠮ ᠢᠶᠠᠷ ᠵᠠᠭᠤᠴᠢ ᠪᠣᠯᠭᠠᠵᠤ᠂ ᠪᠠᠭᠰᠢ ᠨᠠᠷ ᠤᠨ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠲᠤᠰᠬᠠᠢ ᠮᠡᠷᠭᠡᠵᠢᠯ ᠤᠨ ᠪᠤᠶᠢᠵᠢᠯᠲᠠ ᠶᠢ ᠣᠯᠵᠠᠢ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ