ᠰᠢ ᠪᠠᠶ ᠫᠦᠸᠧ ᠶᠢᠨ ᠵᠣᠷᠢᠭ ᠰᠠᠨᠠᠭ᠎ᠠ ᠪᠣᠯ ᠬᠤᠪᠢᠰᠬᠠᠯᠲᠤ ᠵᠣᠷᠢᠭ ᠰᠠᠨᠠᠭᠠᠨ ᠤ ᠨᠢᠭᠡ ᠪᠣᠯᠤᠨ᠎ᠠ᠂ ᠮᠠᠤ ᠽᠤ᠋ ᠳ᠋ᠦᠩ ᠤᠨ ᠰᠢ ᠪᠠᠶ ᠫᠦᠸᠧ ᠳᠤ | ᠬᠤᠷᠠᠯᠳᠤᠭᠤᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠣᠯᠣᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠳᠡᠭᠡᠷ᠎ᠡ ᠳᠤᠷᠠᠳᠤᠨ | ᠭᠠᠷᠭᠠᠭᠰᠠᠨ ᠪᠠᠶᠢᠨ᠎ᠠ᠃ ᠡᠨᠡ ᠪᠣᠯ ᠮᠠᠤ ᠽᠤ᠋ ᠳ᠋ᠦᠩ ᠢᠶᠠᠷ ᠲᠣᠯᠣᠭᠠᠶᠢᠯᠠᠭᠤᠯᠤᠭᠰᠠᠨ ᠨᠠᠮ ᠤᠨ ᠲᠥᠪ ᠬᠤᠷᠢᠶᠠᠨ ᠤ ᠰᠢ ᠪᠠᠶ ᠫᠦᠸᠧ ᠳᠤ ᠰᠠᠭᠤᠵᠤ ᠪᠠᠶᠢᠭᠰᠠᠨ | ᠬᠤᠭᠤᠴᠠᠭᠠᠨ ᠳᠤ ᠢᠯᠡᠷᠡᠭᠦᠯᠦᠭᠰᠡᠨ ᠪᠠ ᠡᠭᠦᠳᠦᠭᠰᠡᠨ ᠠᠯᠢ ᠣᠯᠠᠨ ᠬᠤᠪᠢᠰᠬᠠᠯᠲᠤ ᠵᠣᠷᠢᠭ ᠰᠠᠨᠠᠭ᠎ᠠ ᠶᠢ ᠵᠢᠭᠠᠵᠤ ᠪᠠᠶᠢᠨ᠎ᠠ ᠃ ᠲᠡᠷᠡ ᠨᠢ ᠳᠤᠮᠳᠠᠳᠤ ᠤᠯᠤᠰ ᠤᠨ | ᠬᠤᠪᠢᠰᠬᠠᠯ ᠤᠨ ᠲᠡᠦᠬᠡ ᠶᠢᠨ ᠡᠷᠭᠢᠯᠲᠡ ᠶᠢᠨ ᠴᠢᠬᠤᠯᠠ ᠵᠠᠩᠭᠢᠯᠠᠭ᠎ᠠ ᠶᠢᠨ ᠦᠶ᠎ᠡ ᠳᠤ ᠪᠤᠢ ᠪᠤᠯᠵᠤ᠂ ᠳᠤᠮᠳᠠᠳᠤ ᠤᠯᠤᠰ ᠤᠨ ᠬᠤᠪᠢᠰᠬᠠᠯ ᠤᠨ ᠢᠷᠡᠭᠡᠳᠦᠶ ᠪᠠ ᠬᠤᠪᠢ | ᠵᠠᠶᠠᠭ᠎ᠠ ᠶᠢ ᠲᠣᠭᠲᠠᠭᠠᠵᠤ ᠪᠠᠶᠢᠳᠠᠭ ᠪᠣᠯᠬᠤᠷ ᠵᠣᠷᠢᠭᠲᠠᠶ ᠪᠠᠷ ᠲᠡᠮᠡᠴᠡᠬᠦ᠂ ᠵᠣᠷᠢᠭᠲᠠᠶ ᠪᠠᠷ ᠢᠯᠠᠬᠤ ᠲᠦᠢᠯᠪᠤᠷᠢᠲᠠᠶ ᠬᠤᠪᠢᠰᠬᠠᠯᠲᠤ ᠵᠣᠷᠢᠭ ᠰᠠᠨᠠᠭ᠎ᠠ ᠶᠢ | ᠲᠥᠪᠯᠡᠷᠡᠩᠭᠦᠶ ᠪᠠᠷ ᠢᠯᠡᠷᠡᠭᠦᠯᠵᠦ᠂ ᠲᠠᠷᠢᠬᠢ ᠲᠣᠯᠣᠭᠠᠶ ᠬᠤᠷᠴᠠ ᠰᠡᠷᠭᠡᠭ᠂ ᠬᠤᠯᠠ ᠶᠢᠨ ᠬᠠᠷᠠᠴᠠ ᠲᠠᠢ ᠢᠯᠠᠭᠰᠠᠳ ᠤᠨ ᠪᠡᠶ᠎ᠡ ᠪᠠᠨ ᠬᠦᠴᠦᠷᠬᠡᠭᠵᠢᠭᠦᠯᠬᠦ ᠪᠠᠷ | ᠤᠷᠤᠯᠳᠤᠬᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠶᠤᠮ᠃ ᠲᠡᠭᠦᠨ ᠤ ᠭᠤᠣᠯ ᠠᠭᠤᠯᠭ᠎ᠠ ᠳᠤ᠄ ᠡᠭᠦᠷᠢᠳᠡ ᠵᠤᠬᠰᠤᠰᠢ ᠦᠭᠡᠢ ᠪᠠᠷ ᠬᠤᠪᠢᠰᠬᠠᠯ ᠢ ᠡᠴᠦᠰ ᠲᠤᠨᠢ | ᠲᠤᠯᠲᠠᠯ᠎ᠠ ᠬᠢᠬᠦ᠃ ᠲᠦᠷᠦ ᠪᠠᠷᠢᠭᠴᠢ ᠨᠠᠮ ᠠᠵᠤ ᠠᠬᠤᠶ ᠶᠢᠨ ᠪᠦᠳᠦᠭᠡᠠ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃ ᠬᠤᠶᠠᠷ ︽ | ᠡᠷᠬᠡᠪᠰᠢ︾ ᠶᠢ ᠪᠠᠷᠢᠮᠲᠠᠯᠠᠵᠤ᠂ ᠨᠠᠮ ᠤᠨ ᠰᠢᠯᠢᠳᠡᠭ ᠤᠯᠠᠮᠵᠢᠯᠠᠯ ᠪᠠ ᠰᠤᠷᠲᠠᠯ ᠢ ᠪᠠᠷᠢᠮᠲᠠᠯᠠᠬᠤ ᠬᠡᠷᠡᠭᠲᠡᠶ᠃ ᠪᠦᠯᠬᠦᠮᠳᠡᠯ ᠢ ᠥᠨᠳᠥᠷ ᠪᠦᠲᠦᠮᠵᠢᠲᠡᠶ ᠪᠠᠶᠢᠯᠭᠠᠵᠤ᠂ | ᠨᠠᠮ ᠤᠨ ᠲᠥᠪᠯᠡᠷᠡᠯ ᠨᠢᠭᠡᠳᠦᠯ ᠢ ᠴᠢᠩᠭᠠᠳᠬᠠᠨ᠎ᠠ᠃ ᠲᠡᠭᠦᠨ ᠤ ᠭᠤᠣᠯ ᠨᠢ ᠪᠦᠬᠦ ᠨᠠᠮ ᠢ ᠬᠥᠮᠦᠵᠢᠭᠦᠯᠦᠨ ᠲᠡᠦᠬᠡᠨ ᠰᠢᠨ᠎ᠡ ᠱᠡᠳᠦ ᠦᠶ᠎ᠡ ᠶᠢᠨ ᠰᠢᠯᠭᠠᠯᠲᠠ ᠶᠢ | ᠳᠠᠭᠠᠭᠠᠵᠤ ᠴᠢᠳᠠᠬᠤ ᠪᠣᠯᠭᠠᠬᠤ ᠳᠤ ᠣᠷᠣᠰᠢᠨ᠎ᠠ᠃ ᠲᠡᠭᠦᠨ ᠤ ᠮᠥᠨ ᠴᠢᠨᠠᠷ ᠨᠢ ᠡᠪ ᠬᠠᠮᠲᠤ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠦᠨ | ᠴᠢᠩᠭᠠᠳᠬᠠᠵᠤ᠂ ᠨᠡᠶᠢᠭᠡᠮ ᠵᠢᠷᠤᠮᠲᠤ ᠦᠢᠯᠡᠰ ᠢ ᠲᠡᠰᠦᠷᠡᠯᠳᠠ ᠤᠢᠭᠡᠢ ᠲᠦᠯᠬᠢᠠ ᠤᠷᠤᠭᠰᠢᠯᠠᠭᠤᠯᠬᠤ ᠳᠤ ᠣᠷᠣᠰᠢᠨ᠎ᠠ᠃ ᠰᠢ ᠪᠠᠢ ᠫᠦᠸᠧ ᠶᠢᠨ ᠵᠣᠷᠢᠭ ᠰᠠᠨᠠᠭ᠎ᠠ ᠨᠢ | ᠵᠢᠩ ᠭᠠᠩ ᠱᠠᠨ ᠤ ᠵᠣᠷᠢᠭ ᠰᠠᠨᠠᠭ᠎ᠠ᠂ ᠶᠠᠨ ᠠᠨ ᠤ ᠵᠣᠷᠢᠭ ᠰᠠᠨᠠᠭ᠎ᠠ ᠲᠠᠢ ᠠᠳᠠᠯᠢ ᠪᠠᠷ ᠮᠠᠨ ᠤ ᠨᠠᠮ ᠤᠨ ᠡᠷᠬᠢᠮ ᠨᠠᠨᠳᠢᠨ ᠤᠶᠤᠨ ᠰᠠᠨᠠᠭᠠᠨ ᠤ ᠥᠪ ᠬᠦᠷᠦᠩᠬᠡ | ᠮᠥᠨ᠃ |