ᠠᠵᠢᠯ ᠣᠯᠭᠤᠬᠤ ᠪᠠ ᠲᠠᠬᠢᠨ ᠠᠵᠢᠯ ᠣᠯᠭᠤᠬᠤ ᠳᠤ ᠰᠦᠢᠳᠬᠡᠯ ᠦᠯᠦ ᠬᠤᠷᠢᠶᠠᠬᠤ ᠪᠣᠯᠪᠠᠰᠤᠷᠠᠯ ᠤᠨ ᠮᠡᠳᠡᠭᠳᠡᠯ
ᠨᠡᠶᠢᠲᠡᠯᠡᠭᠰᠡᠨ ᠴᠠᠭ᠄
2023/7/28
      ᠮᠠᠨ ᠤ ᠬᠤᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠲᠠ ᠬᠥᠳᠡᠭᠡ ᠶᠢᠨ ᠬᠥᠳᠡᠯᠮᠦᠷᠢ ᠬᠦᠴᠦᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ᠂ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠦᠴᠦᠨ ᠢᠶᠠᠷ ᠢᠶᠠᠨ ᠬᠥᠭᠵᠢᠯᠲᠡ ᠶᠢ ᠠᠬᠢᠭᠤᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠤᠬᠠᠶ ᠮᠡᠳᠡᠭᠳᠡᠯ︾ ︵ᠥᠪᠥᠷ ᠠᠵᠤ  ᠲᠠᠷᠬᠠᠭᠠᠭᠰᠠᠨ ︹ 2023 ︺ 1 ᠳ᠋ᠦᠭᠡᠷ ᠲᠣᠭᠠᠲᠤ︶ ᠪᠣᠯᠤᠨ︽2023 ᠣᠨ ᠤ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠳᠡᠭᠳᠡᠯ︾ ︵ᠥᠪᠥᠷ ᠮᠣᠩᠭᠤᠯ ᠨᠡᠶᠢᠭᠡᠮ ᠠᠯᠪᠠᠨ ᠲᠠᠷᠬᠠᠭᠠᠭᠰᠠᠨ ︹ 2023 ︺ 95 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ᠂ ᠬᠤᠲᠠ ᠶᠢᠨ ᠠᠵᠢᠯ ᠣᠯᠭᠤᠬᠤ   ᠤᠶᠢᠯᠡᠴᠢᠯᠡᠭᠡᠨ ᠤ ᠲᠥᠪ ᠠᠴᠠ ᠳᠣᠤᠷᠠᠬᠢ ᠬᠥᠮᠦᠰ ᠲᠤ ᠰᠦᠢᠳᠭᠡᠯ ᠬᠤᠷᠢᠶᠠᠬᠤ ᠥᠬᠡᠶ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠩᠭᠢ ᠪᠠ ᠠᠳᠠᠯ  ᠤᠶᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠠᠩᠭᠢ ᠡᠷᠭᠢᠯᠡᠪᠡ᠃       ᠨᠢᠭᠡ᠂ ᠰᠦᠢᠳᠭᠡᠯ ᠬᠤᠷᠢᠶᠠᠬᠤ ᠥᠬᠡᠶ ᠪᠠᠷ ᠪᠣᠯᠪᠠᠰᠤᠷᠠᠭᠤᠯᠬᠤ ᠡᠲᠡᠭᠡᠳ      ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷᠠᠬᠢ ᠠᠵᠢᠯ ᠣᠯᠵᠤ ᠦᠢᠯᠡᠰ ᠪᠤᠰᠬᠠᠬᠤ ᠱᠠᠭᠠᠷᠳᠠᠯᠭ᠎ᠠ ᠪᠠ ᠪᠣᠯᠪᠠᠰᠤᠷᠠᠯ ᠤᠨ ᠬᠦᠰᠡᠯ ᠲᠠᠢ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠦᠬᠡᠳ ᠲᠡᠭᠦᠰᠬᠦ ᠣᠨ ᠤ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ︵ᠮᠠᠰᠲ᠋ᠧᠷ ᠤᠨ ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠠᠩᠭᠢ ᠶᠢ ᠪᠠᠭᠲᠠᠭᠠᠨ᠎ᠠ᠂ ᠪᠡᠯᠡᠳᠬᠡᠯ ᠮᠠᠰᠲ᠋ᠤᠷ ᠤᠨ ᠠᠩᠭᠢ ᠪᠠ ᠣᠨᠴᠣᠭᠤᠶ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠤᠨ ᠲᠡᠭᠦᠰᠦᠭᠰᠡᠳ︶᠂ ᠬᠤᠲᠠ ᠬᠥᠳᠡᠭᠡ ᠶᠢᠨ ᠦᠷᠭᠦᠯᠵᠢᠯᠡᠨ ᠰᠤᠷᠭᠠᠭᠤᠯᠢ ᠳᠡᠪᠰᠢᠭᠰᠡᠨ ᠥᠬᠡᠶ ᠲᠣᠰ ᠬᠤᠭᠤᠴᠠᠭᠠᠨ ᠤ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠡᠭᠦᠰᠦᠭᠰᠡᠳ᠂ ᠬᠥᠳᠡᠭᠡ ᠲᠣᠰᠬᠤᠨ ᠤ ᠰᠢᠯᠵᠢᠵᠦ ᠠᠵᠢᠯ ᠣᠯᠤᠭᠰᠠᠨ ᠬᠥᠳᠡᠯᠮᠦᠷᠢᠴᠢᠨ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ︵ᠲᠠᠪᠤᠨ ᠲᠥᠷᠥᠯ ᠤᠨ ᠬᠥᠮᠦᠰ ᠭᠡᠵᠦ ᠲᠣᠪᠴᠢᠯᠠᠨ᠎ᠠ︶ ᠵᠢᠴᠢ ᠪᠤᠰᠤᠳ ᠲᠥᠷᠥᠯ ᠬᠡᠯᠪᠡᠷᠢ ᠶᠢᠨ ᠬᠥᠳᠡᠯᠮᠦᠷᠢᠴᠢᠳ ᠤᠨ ᠬᠠᠩᠭᠠᠭᠰᠠᠨ ᠠᠵᠢᠯ ᠤᠯᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠳᠠᠯ  ᠦᠢᠯᠡᠰ ᠴᠣᠭᠴᠠᠯᠠᠬᠤ ᠪᠣᠯᠪᠠᠰᠤᠷᠠᠭᠤᠯᠤᠯ ︵ᠰᠦᠯᠵᠢᠶ᠎ᠡ ᠪᠠᠷ ᠠᠳᠠᠯ ᠦᠢᠯᠡᠰ  ᠴᠣᠭᠴᠠᠯᠠᠬᠤ ᠪᠣᠯᠪᠠᠰᠤᠷᠠᠭᠤᠯᠤᠯ ᠪᠠᠭᠲᠠᠨ᠎ᠠ︶᠃       ᠬᠤᠶᠠᠷ᠂ ᠪᠠᠶᠢᠭᠤᠯᠤᠭᠰᠠᠨ ᠲᠤᠰᠬᠠᠶ ᠮᠡᠷᠭᠡᠵᠢᠯ ︵ᠠᠵᠢᠯ ᠲᠦᠷᠦᠯ︶      ᠳᠤᠮᠳᠠᠳᠤ ᠮᠠᠶ᠋ᠢᠭ ᠤᠨ ᠬᠠᠭᠤᠷᠤᠯᠭ᠎ᠠ ᠶᠢᠨ ᠮᠡᠷᠭᠡᠵᠢᠯᠲᠡᠨ᠂ ᠬᠢᠲᠠᠳ ᠮᠠᠶ᠋ᠢᠭ ᠤᠨ ᠭᠤᠯᠢᠷ ᠤᠨ ᠮᠡᠷᠭᠡᠵᠢᠯᠲᠡᠨ᠂ ᠭᠠᠩᠨᠠᠭᠤᠷᠴᠢᠨ᠂ ᠬᠡᠷ ᠤᠨ ᠶᠠᠪᠤᠳᠠᠯ ᠤᠨ ᠦᠢᠯᠡᠴᠢᠯᠡᠭᠴᠢ᠂ ᠡᠬᠡ ᠨᠢᠯᠬᠠᠰ ᠤᠨ ᠰᠤᠪᠢᠯᠠᠯᠲᠠ᠂ ᠬᠤᠭᠤᠯᠠᠨ ᠬᠡᠷ ᠤᠨ ᠦᠢᠯᠡᠴᠢᠯᠡᠭᠴᠢ᠂ ᠵᠣᠴᠢᠨ ᠤ ᠥᠷᠥᠭᠡᠨ ᠤ ᠦᠢᠯᠡᠴᠢᠯᠡᠭᠴᠢ᠂ ᠡᠷᠡᠭᠦᠯᠵᠢᠯ ᠤᠨ ᠢᠯᠢᠭᠴᠢ᠂ ᠨᠠᠰᠤᠵᠢᠯ ᠤᠨ ᠠᠰᠠᠷᠠᠭᠴᠢ᠂ ᠵᠢᠰᠦ ᠭᠤᠶᠣᠯᠠᠭᠴᠢ᠂ ᠦᠰᠦ ᠭᠤᠶᠣᠯᠠᠭᠴᠢ᠂ ᠨᠢᠯᠬ᠎ᠠ ᠬᠡᠤᠬᠡᠳ ᠠᠰᠠᠷᠠᠭᠴᠢ᠂ ᠡᠷᠡᠭᠦᠯ ᠮᠡᠨᠳᠦ ᠶᠢᠨ ᠬᠠᠮᠢᠶᠠᠷᠤᠭᠴᠢ᠂ ᠬᠥᠳᠡᠯᠮᠦᠷᠢ ᠶᠢᠨ ᠬᠠᠷᠢᠴᠠᠭ᠎ᠠ ᠶᠢᠨ ᠵᠣᠬᠢᠴᠠᠭᠤᠯᠤᠭᠴᠢ᠂ ᠰᠢᠮ᠎ᠡ ᠲᠡᠵᠢᠭᠡᠯ ᠤᠨ ᠲᠣᠬᠢᠷᠠᠭᠤᠯᠤᠭᠴᠢ ᠶᠢᠨ ᠭᠠᠷ ᠤᠷᠠᠯᠠᠯ ᠤᠨ ᠨᠡᠬᠡᠮᠡᠯ᠂ ᠮᠣᠩᠭᠤᠯ ᠬᠤᠭᠤᠯᠠ᠂ ᠦᠨᠳᠦᠰᠦᠲᠡᠨ ᠤ ᠬᠤᠪᠴᠠᠰᠤ ᠪᠠ ᠵᠠᠰᠠᠯ ᠴᠢᠮᠡᠭᠯᠡᠯ ᠤᠨ ᠡᠳ᠋᠂ ᠠᠷᠠᠰᠤᠨ ᠰᠡᠶᠢᠯᠦᠮᠡᠯ᠂ ᠺᠣᠮᠫᠢᠦ᠋ᠲ᠋ᠧᠷ ᠤᠨ ᠠᠵᠢᠯᠯᠠᠭᠴᠢ᠂ ᠣᠷᠣᠨ ᠨᠤᠲᠤᠭ ᠤᠨ ᠤᠨᠴᠠᠯᠢᠭᠳᠤ ᠢᠳᠡᠭᠡᠨ ᠤ  ᠵᠤᠶᠢᠯ᠃ SYB᠂ IYB ᠵᠢᠴᠢ ᠰᠦᠯᠵᠢᠶ᠎ᠡ ᠪᠠᠷ ᠦᠢᠯᠡᠰ ᠪᠦᠲᠦᠭᠡᠬᠦ ᠪᠣᠯᠪᠠᠰᠤᠷᠠᠯ᠃       ᠭᠤᠷᠪᠠ᠂ ᠬᠠᠮᠢᠶ᠎ᠠ ᠪᠥᠬᠦᠶ ᠤᠴᠢᠷ      1. ᠵᠢᠯ ᠲᠤᠷᠰᠢ ᠠᠩᠭᠢ ᠡᠬᠢᠯᠡᠵᠦ᠂ ᠬᠡᠵᠢᠶ᠎ᠡ ᠴᠦ ᠨᠡᠷ᠎ᠡ ᠮᠡᠳᠡᠭᠦᠯᠦᠨ᠎ᠡ᠂ ᠨᠡᠷ᠎ᠡ ᠮᠡᠳᠡᠭᠦᠯᠬᠦ ᠳᠡᠭᠡᠨ 1.5 ᠢᠮᠠᠬᠤ ᠶᠢᠨ ᠴᠠᠭᠠᠨ ᠳᠡᠪᠢᠰᠬᠡᠷᠲᠦ ᠪᠤᠳᠤᠭᠲᠤ ᠰᠡᠭᠦᠳᠡᠷ 2 ᠬᠤᠪᠢ᠂ ᠪᠡᠶ᠎ᠡ ᠶᠢᠨ ᠦᠨᠡᠮᠯᠡᠯ ᠤᠨ ᠬᠠᠭᠤᠯᠪᠤᠷᠢ ᠨᠢᠭᠡ ᠬᠠᠭᠤᠳᠠᠰᠤ᠂ ᠠᠵᠢᠯ ᠤᠯᠬᠤ ᠪᠠ ᠠᠵᠢᠯ ᠠᠯᠳᠠᠭᠰᠠᠨ ᠦᠨᠡᠮᠯᠡᠯ ᠤᠨ ᠬᠠᠭᠤᠯᠪᠤᠷᠢ ᠨᠢᠭᠡ ᠬᠠᠭᠤᠳᠠᠰᠤ᠂ ᠨᠡᠶᠢᠭᠡᠮ ᠤᠨ ᠳᠠᠭᠠᠳᠬᠠᠯ ᠤᠨ ᠺᠠᠷᠲ ᠤᠨ ᠬᠠᠭᠤᠯᠪᠤᠷᠢ ᠨᠢᠭᠡ ᠬᠠᠭᠤᠳᠠᠰᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠠᠳᠠᠭᠤ ᠬᠦᠴᠢᠷᠳᠡᠯᠲᠡᠶ ᠡᠷᠦᠬᠡ ᠶᠢᠨ ᠭᠠᠷ ᠳᠡᠪᠲᠡᠷ ᠤᠨ ᠬᠠᠭᠤᠯᠪᠤᠷᠢ ᠨᠢᠭᠡ ᠬᠠᠭᠤᠳᠠᠰᠤ ᠬᠠᠩᠭᠠᠬᠤ ᠬᠡᠷᠡᠭᠲᠡᠶ ᠃      2. ᠨᠡᠷ᠎ᠡ ᠮᠡᠳᠡᠭᠦᠯᠬᠦ ᠭᠠᠵᠠᠷ᠄ ᠵᠠᠯᠠᠨ ᠠᠶᠢᠯ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠠᠯᠪᠠᠨ ᠭᠡᠷ      3᠂ ᠬᠠᠷᠢᠯᠴᠠᠬᠤ ᠤᠲᠠᠰᠤ᠄ 0470-3200278
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ