ᠵᠠᠯᠠᠨ ᠠᠶᠢᠯ ᠬᠤᠳᠠ ᠶᠢᠨ ᠮᠦᠽᠧᠢ ᠶᠢᠨ ᠭᠠᠶᠢᠬᠠᠮᠰᠢᠭᠲᠤ ᠰᠥᠨᠢ ᠶᠢᠨ ᠠᠵᠢᠯᠯᠠᠭ᠎ᠠ᠄ ᠰᠣᠶᠣᠯ ᠤᠨ ᠰᠥᠨᠢ ᠶᠢᠨ ᠠᠮᠢᠳᠤᠷᠠᠯ ᠤᠨ ᠨᠢᠭᠡ ᠵᠦᠢᠯ ᠤᠨ ᠰᠢᠨ᠎ᠡ ᠥᠩᠭᠡᠷᠡᠯᠲᠡ
ᠨᠡᠶᠢᠲᠡᠯᠡᠭᠰᠡᠨ ᠴᠠᠭ᠄
2023/7/28
      ᠬᠡᠭᠡᠨᠴᠢᠷ ᠦᠵᠡᠰᠬᠦᠯᠡᠩ᠂ ᠭᠤᠶᠢᠳᠠ ᠰᠠᠶᠢᠬᠠᠨ ᠠᠵᠢᠯᠯᠠᠭ᠎ᠠ᠂ ᠰᠣᠶᠣᠯ ᠤᠨ ᠳᠣᠲᠣᠨᠣᠰᠤᠭ᠂ ᠤᠷᠠᠯᠢᠭ ᠤᠨ ᠨᠥᠯᠥᠭᠡᠯᠡᠬᠦ ᠬᠦᠴᠦᠨ᠂ ᠠᠮᠢᠳᠤᠷᠠᠯ ᠤᠨ ᠮᠡᠳᠡᠷᠡᠮᠵᠢ ᠲᠠᠢ ︽ᠮᠦᠽᠧᠶ ᠶᠢᠨ ᠦᠳᠡᠰᠢ︾ ᠰᠢᠷᠢᠰ ᠠᠵᠢᠯᠯᠠᠭ᠎ᠠ ᠣᠶᠢᠷ᠎ᠠ ᠳᠤ ᠵᠠᠯᠠᠨ ᠠᠶᠢᠯ ᠬᠤᠳᠠ ᠶᠢᠨ ᠮᠦᠽᠧᠶ ᠳᠤ ᠬᠥᠰᠢᠭᠡ ᠪᠠᠨ  ᠰᠡᠬᠦᠭᠰᠡᠨ ᠪᠠᠶᠢᠨ᠎ᠠ᠃ᠡᠨᠡ ᠪᠣᠯ ᠵᠠᠯᠠᠨ ᠠᠶᠢᠯ  ᠬᠤᠳᠠ ᠶᠢᠨ ᠮᠦᠽᠧᠶ ᠳᠤ  ᠦᠢᠯᠡᠴᠢᠯᠡᠭᠡᠨ ᠤ ᠴᠢᠳᠠᠮᠵᠢ ᠪᠠᠨ ᠦᠷᠭᠦᠯᠵᠢᠯᠡᠭᠦᠯᠵᠦ᠂ ᠵᠠᠯᠠᠨ ᠠᠶᠢᠯ  ᠬᠤᠳᠠ ᠶᠢᠨ ᠰᠣᠶᠣᠯ ᠤᠨ ᠰᠥᠨᠢ ᠶᠢᠨ ᠠᠮᠢᠳᠤᠷᠠᠯ ᠢ ᠪᠠᠶᠠᠯᠢᠭᠵᠢᠭᠤᠯᠵᠤ᠂ ᠡᠯ᠎ᠡ ᠡᠲᠡᠭᠡᠳ ᠤᠨ ᠦᠵᠡᠭᠴᠢᠳ ᠤᠨ ᠰᠠᠶᠢᠨ ᠰᠠᠶᠢᠬᠠᠨ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠨᠢᠭᠡ  ᠵᠦᠢᠯ ᠤᠨ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃       ᠵᠤᠨ ᠤ ᠦᠶ᠎ᠡ ᠪᠠᠷ ᠂ ᠵᠠᠯᠠᠨ ᠠᠶᠢᠯ  ᠬᠤᠳᠠ ᠶᠢᠨ ᠮᠦᠽᠧᠢ ᠶᠢᠨ ᠨᠠᠷᠢᠨ ᠨᠢᠮᠪᠠᠢ ᠪᠡᠯᠡᠳᠬᠡᠭᠰᠡᠨ ︽ᠮᠦᠽᠧᠢ ᠶᠢᠨ ᠰᠥᠨᠢ︾ ᠰᠢᠷᠢᠰ ᠠᠵᠢᠯᠯᠠᠭ᠎ᠠ ᠳᠤ ᠮᠢᠩᠭ᠎ᠠ ᠭᠠᠷᠤᠢ ᠬᠥᠮᠦᠨ ᠣᠷᠣᠯᠴᠠᠵᠠᠢ᠃ 7 ᠰᠠᠷ᠎ᠠ ᠶᠢᠨ 11 — 20       ᠤ ᠡᠳᠦᠷ᠂ ᠮᠦᠽᠧᠶ ᠶᠢᠨ ᠡᠭᠦᠳᠡ ᠪᠠᠨ ᠨᠡᠭᠡᠭᠡᠬᠦ ᠴᠠᠭ ᠨᠢ  ᠤᠷᠤᠢ ᠶᠢᠨ9 ᠴᠠᠭ  ᠪᠣᠯᠲᠠᠯ᠎ᠠ ᠤᠷᠲᠤᠳᠴᠤ᠂ ᠳᠤᠮᠳᠠᠳᠤ ᠳᠣᠷᠣᠨᠠᠲᠤ ᠶᠢᠨ ᠲᠡᠮᠦᠷ ᠵᠠᠮ ᠤᠨ ᠮᠦᠽᠧᠶ ᠪᠣᠯᠤᠨ ᠰᠡᠬᠡᠭᠡᠲᠡᠨ ᠵᠠᠯᠠᠭᠤᠴᠤᠳ ᠤᠨ ᠮᠦᠽᠧᠶ ᠶᠢᠨ ᠦᠵᠡᠭᠦᠯᠦᠯᠭᠡ ᠶᠢᠨ ᠲᠢᠩᠬᠢᠮ ᠭᠠᠳᠠᠭᠰᠢ ᠨᠡᠭᠡᠭᠡᠭᠳᠡᠵᠦ᠂ ᠦᠵᠡᠭᠴᠢᠳ ᠤᠨ ᠲᠣᠭᠤᠷᠢᠨ ᠦᠵᠡᠬᠦ ᠬᠠᠯᠠᠭᠤᠨ ᠰᠡᠳᠬᠢᠯᠭᠡ  ᠶᠢ ᠤᠷᠭᠢᠯᠭᠤᠯᠵᠤ᠂ ᠭᠤᠶᠢᠳᠠ ᠰᠠᠶᠢᠬᠠᠨ ᠦᠵᠡᠰᠬᠦᠯᠡᠩ᠂ ᠬᠤᠪᠣᠷ ᠨᠠᠨᠳᠢᠨ ᠲᠡᠤᠬᠡ ᠶᠢᠨ ᠳᠤᠷᠠᠰᠬᠠᠯᠲᠤ  ᠵᠦᠢᠯᠡᠰ᠂ ᠰᠣᠩᠭᠤᠳᠠᠭ ᠥᠯᠢᠭᠡᠷ ᠨᠢ ᠦᠵᠡᠭᠴᠢᠳ ᠤᠨ ᠠᠩᠬᠠᠷᠤᠯ ᠢ ᠲᠠᠲᠠᠵᠤ ᠪᠠᠶᠢᠯ᠎ᠠ︔ ᠵᠠᠯᠠᠭᠤ ᠪᠠᠭᠠᠴᠤᠳ ᠤᠨ ᠲᠥᠯᠥᠭᠡ  ᠲᠣᠰᠭᠠᠶᠢᠯᠠᠨ  ᠲᠦᠯᠦᠪᠯᠡᠭᠰᠡᠨ ︽ᠮᠦᠽᠧᠶ ᠶᠢᠨ ᠦᠳᠡᠰᠢ — ᠮᠡᠳᠡᠯᠭᠡ ᠪᠠᠷ ᠰᠡᠳᠦᠪ ᠬᠠᠷᠢᠭᠤᠯᠬᠤ︾    ᠬᠦᠳᠦᠯᠭᠡᠨ‌ᠨᠢ ᠬᠡᠤᠬᠡᠳ ᠤᠨ ᠲᠠᠭᠠᠰᠢᠶᠠᠯ ᠢ ᠣᠯᠵᠤ᠂ ᠲᠡᠳᠡᠨ ᠢ ᠪᠠᠶᠠᠷ ᠪᠠᠶᠠᠰᠤᠯ ᠤᠨ ᠳᠤᠮᠳᠠ ᠠᠴᠠ ᠲᠡᠤᠬᠡ ᠶᠢ ᠬᠠᠶᠢᠵᠤ᠂ ᠥᠯᠥ ᠮᠡᠳᠡᠬᠦ ᠶᠢ ᠣᠶᠢᠯᠠᠭᠠᠭᠤᠯᠵᠤ᠂ ᠠᠳᠠᠯᠢ ᠪᠤᠰᠤ ᠲᠥᠷᠥᠭᠳᠡᠯ ᠲᠠᠢ ᠮᠦᠽᠧᠶ ᠶᠢᠨ ᠠᠶᠠᠯᠠᠯ ᠳᠤ ᠣᠷᠣᠯᠴᠠᠭᠤᠯᠵᠠᠶ︔ᠲᠤᠬᠠᠶ ᠶᠢᠨ ᠲᠠᠯᠠᠪᠠᠶ ᠳᠤ ᠤᠯᠤᠰ ᠲᠠᠭᠠᠨ ᠦᠢᠯᠡᠳᠪᠦᠷᠢᠯᠡᠭᠰᠡᠨ ᠰᠢᠯᠢᠳᠡᠭ ᠺᠢᠨᠣ᠋ ᠶᠢ ᠨᠡᠪᠲᠡᠷᠡᠭᠦᠯᠵᠦ ᠪᠠᠶᠢᠭ᠎ᠠ ᠨᠢ ᠦᠨᠳᠦᠰᠦᠲᠡᠨ ᠤ ᠰᠣᠶᠣᠯ ᠤᠨ ᠢᠲᠡᠭᠡᠯ ᠢ ᠳᠠᠮᠵᠢᠭᠤᠯᠵᠤ᠂ ᠤᠷᠠᠯᠢᠭ ᠤᠨ ᠭᠤᠸ᠎ᠠ ᠰᠠᠶᠢᠬᠠᠨ ᠢ ᠬᠠᠷᠠᠭᠤᠯᠵᠤ ᠪᠠᠶᠢᠭ᠎ᠠ ᠶᠤᠮ᠃ ᠲᠡᠦᠬᠡ ᠪᠠᠷ ᠠᠯᠬᠤᠯᠠᠵᠤ ᠂ ᠪᠣᠳᠠᠲᠤ ᠪᠠᠶᠢᠳᠠᠯ ᠢ ᠠᠵᠢᠭᠯᠠᠵᠤ᠂ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠨᠡᠩ ᠤᠯᠠᠨ ᠬᠥᠮᠦᠰ ᠲᠤ ᠰᠣᠶᠣᠯ ᠤᠨ ᠥᠪ ᠢ ᠲᠠᠬᠢᠨ ᠲᠠᠨᠢᠭᠤᠯᠤᠨ ᠣᠶᠢᠯᠠᠭᠠᠭᠤᠯᠵᠤ᠂ ᠰᠣᠶᠣᠯ ᠤᠨ ᠥᠪ ᠢ ᠪᠢᠳᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠪᠣᠯᠭᠠᠬᠤ ᠶᠢ ᠬᠦᠰᠡᠵᠦ ᠪᠠᠶᠢᠨ᠎ᠠ᠃      ᠲᠡᠦᠬᠡ ᠶᠢᠨ ᠳᠤᠷᠠᠰᠬᠠᠯᠲᠤ ᠵᠦᠢᠯᠡᠰ ᠢ ᠠᠵᠢᠭᠯᠠᠵᠤ᠂ ᠬᠥᠮᠦᠨ ᠤ ᠣᠷᠴᠢᠯᠠᠩ ᠤᠨ ᠭᠠᠯ ᠤᠲᠤᠭ᠎ᠠ ᠶᠢ ᠠᠮᠲᠠᠷᠬᠠᠨ ᠰᠣᠨᠢᠷᠬᠠᠵᠤ᠂ ︽ᠵᠠᠯᠠᠨ ᠠᠶᠢᠯ ᠬᠤᠳᠠ ᠶᠢᠨ ᠮᠦᠽᠧᠢ ᠶᠢᠨ ᠰᠥᠨᠢ︾ ᠰᠢᠷᠢᠰ ᠠᠵᠢᠯᠯᠠᠭ᠎ᠠ ᠨᠢ ᠰᠣᠶᠣᠯ ᠢᠶᠠᠷ ᠰᠠᠭᠤᠷᠢ ᠦᠩᠭᠡ ᠪᠠᠨ ᠪᠣᠯᠭᠠᠵᠤ᠂ ᠠᠮᠢᠳᠤᠷᠠᠯ ᠢᠶᠠᠷ ᠠᠴᠢᠶᠠᠯᠠᠪᠤᠷᠢ ᠪᠣᠯᠭᠠᠵᠤ᠂ ᠬᠥᠮᠦᠰ  ᠤᠨ ᠨᠢᠳᠦ ᠶᠢ ᠪᠠᠶᠠᠰᠭᠠᠨ ᠰᠢᠨ᠎ᠡ ᠰᠣᠶᠣᠯ ᠤᠨ ᠣᠶᠢᠯᠠᠭᠠᠯᠲᠠ ᠪᠠ ᠲᠦᠷᠦᠭᠳᠡᠯ ᠣᠯᠭᠤᠵᠤ᠂ ᠲᠠᠶᠢᠪᠤᠩ ᠪᠠᠶᠢᠳᠠᠯ ᠪᠠ ᠬᠥᠳᠡᠯᠭᠡᠭᠡᠨ ᠤ ᠲᠦᠷᠦᠭᠳᠡᠯ ᠢ ᠤᠶᠠᠯᠳᠤᠭᠤᠯᠤᠭᠰᠠᠨ ᠮᠦᠽᠧᠢ ᠳᠤ ᠥᠷᠭᠡᠨ ᠤᠯᠠᠨ ᠦᠵᠡᠭᠴᠢᠳ ᠲᠤ ᠨᠡᠩ ᠤᠯᠠᠨ ᠰᠣᠶᠣᠯ ᠤᠨ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯ ᠤᠨ ᠲᠦᠷᠦᠭᠳᠡᠯ ᠣᠯᠭᠤᠵᠠᠢ᠃      ᠡᠭᠦᠨ ᠠᠴᠠ ᠭᠠᠳᠠᠨ᠎ᠠ᠂ ᠨᠡᠭᠡᠭᠡᠯᠲᠡ ᠶᠢᠨ ᠴᠠᠭ ᠢ ᠤᠷᠲᠤᠳᠬᠠᠬᠤ ᠠᠵᠢᠯᠯᠠᠭ᠎ᠠ ᠮᠥᠨ ᠶᠠᠪᠤᠭᠳᠠᠭᠰᠠᠭᠠᠷ ᠪᠠᠶᠢᠨ᠎ᠠ᠂ ᠲᠠ ᠪᠦᠬᠦᠨ ᠤ ᠰᠥᠨᠢ ᠶᠢᠨ ᠵᠤᠭᠠᠴᠠᠯ ᠤᠨ ᠮᠦᠽᠧᠶ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠠᠩᠬᠠᠷᠤᠭᠤᠰᠢᠲᠠᠶ ᠨᠢ᠄ ᠮᠠᠨ ᠤ ᠬᠤᠲᠠ ᠶᠢᠨ ᠮᠦᠽᠧᠢ ᠶᠢ ᠲᠣᠭᠤᠷᠢᠨ ᠦᠵᠡᠬᠦ ᠳᠤ ᠶᠠᠮᠠᠷ ᠴᠤ ᠰᠦᠢᠳᠬᠡᠯ ᠬᠤᠷᠢᠶᠠᠬᠤ ᠦᠭᠡᠢ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ