ᠭᠤᠣᠯ ᠤᠨ ᠪᠠᠷᠠᠭᠤᠨᠳᠡᠬᠢ ᠵᠡᠭᠡᠯᠢ ᠭᠤᠳᠤᠮᠵᠢ ᠤᠰᠤ ᠬᠠᠯᠬᠠᠯᠠᠬᠤ ᠬᠡᠷᠡᠮ ᠢ ᠰᠡᠯᠪᠢᠨ ᠵᠠᠰᠠᠵᠤ  ᠪᠠᠬᠢᠵᠢᠭᠦᠯᠦᠨ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠢ  ᠨᠡᠮᠡᠭᠳᠡᠭᠦᠯᠪᠡ
ᠨᠡᠶᠢᠲᠡᠯᠡᠭᠰᠡᠨ ᠴᠠᠭ᠄
2023/7/28
      ᠦᠶᠡᠷ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠭᠤᠣᠯ ᠤᠨ ᠪᠠᠷᠠᠭᠤᠨᠳᠡᠬᠢ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠡᠯ᠎ᠡ ᠲᠣᠰᠬᠤᠨ ᠤ ᠣᠷᠣᠨ ᠰᠠᠭᠤᠴᠠ ᠶᠢ ᠵᠣᠬᠢᠶᠠᠨ ᠪᠠᠶᠢᠭᠤᠯᠤᠨ ᠬᠠᠰᠢᠯᠭ᠎ᠠ ᠳᠠᠯᠠᠩ ᠤᠨ ᠳᠠᠯᠳᠠ ᠭᠡᠮ ᠢ ᠳᠠᠷᠠᠭᠠᠯᠠᠨ ᠪᠠᠶᠢᠴᠠᠭᠠᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠲᠣᠭᠲᠠᠭᠤᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠪᠠ᠃       ᠵᠢᠭᠰᠠᠭᠠᠨ ᠪᠠᠶᠢᠴᠠᠭᠠᠭᠰᠠᠨ ᠢᠶᠠᠷ᠂ ᠬᠠᠷᠢᠶ᠎ᠠ ᠣᠷᠣᠨ ᠤ ᠸᠠᠩ ᠲᠢᠩ ᠵᠡᠭᠡᠯᠢ ᠶᠢᠨ ᠬᠤᠶᠢᠲᠤ ᠲᠠᠯ᠎ᠠ ᠶᠢᠨ ᠦᠶᠡᠷ ᠵᠠᠯᠠᠬᠤ ᠰᠤᠪᠠᠭ ᠤᠨ ᠤᠰᠤᠨ ᠲᠦᠪᠰᠢᠨ ᠳᠡᠭᠡᠭᠰᠢᠯᠡᠵᠦ᠂ ᠭᠤᠤᠯ ᠤᠨ ᠤᠰᠤᠨ ᠤ ᠤᠷᠤᠰᠬᠠᠭᠳᠠᠯ ᠠᠴᠠ ᠪᠣᠯᠵᠣ ᠬᠡᠷᠡᠮ ᠨᠤᠷᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠦᠷᠳᠡᠭᠦᠯᠪᠡ᠃ ᠭᠤᠣᠯ ᠤᠨ ᠪᠠᠷᠠᠭᠤᠨᠳᠡᠬᠢ ᠵᠡᠭᠡᠯᠢ ᠭᠤᠳᠤᠮᠵᠢ ᠶᠢᠨ ᠬᠤᠲᠣᠩᠴᠤᠳ ᠤᠨ ᠲᠣᠰᠬᠤᠨ ᠤ ︽ᠬᠤᠶᠠᠷ ᠵᠥᠪᠯᠡᠯ︾ ᠲᠡᠷᠡ ᠳᠠᠷᠤᠶ ᠳᠤᠨᠢ ᠪᠠᠶᠢᠳᠠᠯ ᠢ ᠵᠡᠭᠡᠯᠢ ᠭᠤᠳᠤᠮᠵᠢ ᠳᠤ ᠬᠠᠷᠢᠭᠤ ᠲᠤᠰᠬᠠᠪᠠ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠡ ᠶᠢᠨ ᠭᠤᠣᠯ ᠤᠳᠤᠷᠢᠳᠤᠯᠭ᠎ᠠ ᠲᠡᠷᠡ ᠳᠠᠷᠤᠢ ᠳᠤᠨᠢ ᠲᠤᠬᠠᠢ ᠶᠢᠨ ᠲᠠᠯᠠᠪᠠᠢ ᠳᠤ ᠠᠵᠢᠯᠯᠠᠨ᠂ ᠲᠥᠰᠦᠯ ᠰᠤᠳᠤᠯᠵᠤ᠂ ᠭᠤᠣᠯ ᠤᠨ ᠵᠠᠮ ᠤᠨ ᠭᠡᠮ ᠰᠣᠭᠤᠭ ᠲᠠᠢ ᠬᠡᠰᠡᠭ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠲᠦᠷᠭᠡᠨ ᠰᠠᠶᠢᠲᠤᠷ ᠬᠢᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠵᠠᠢ᠃ ᠭᠤᠣᠯ ᠤᠨ ᠪᠠᠷᠠᠭᠤᠨᠳᠡᠬᠢ ᠵᠡᠭᠡᠯᠢ ᠭᠤᠳᠤᠮᠵᠢ ᠶᠢᠨ ᠴᠠᠭ ᠢ ᠠᠮᠵᠢᠵᠤ᠂ ᠪᠠᠷᠢᠯᠭ᠎ᠠ ᠶᠢᠨ ᠠᠵᠢᠯᠲᠠᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠮᠠᠯᠲᠠᠭᠤᠷ ᠮᠠᠰᠢᠨ ᠵᠡᠷᠭᠡ ᠮᠠᠰᠢᠨ ᠮᠧᠬᠠᠨᠢᠭ ᠢ ᠬᠥᠳᠡᠯᠭᠡᠨ ᠤᠰᠤ ᠬᠠᠰᠢᠬᠤ ᠬᠡᠷᠡᠮ ᠢ ᠰᠡᠯᠪᠢᠨ ᠵᠠᠰᠠᠵᠤ  ᠪᠠᠬᠢᠵᠢᠭᠦᠯᠦᠨ᠂ ᠭᠤᠣᠯ ᠤᠨ ᠵᠠᠮ ᠤᠨ ᠳᠣᠲᠣᠷᠠᠬᠢ ᠲᠤᠨᠤᠮᠠᠯ ᠪᠣᠳᠠᠰ ᠢ ᠴᠡᠪᠡᠷᠯᠡᠭᠦᠯᠪᠡ᠃ ᠨᠠᠮ ᠤᠨ ᠭᠡᠰᠢᠭᠦᠨ ᠺᠠᠳ᠋ᠷᠴᠤᠳ ᠤᠨ ᠲᠠᠭᠠᠭᠤᠯᠭ᠎ᠠ ᠳᠣᠣᠷ᠎ᠠ᠂ ᠤᠯᠠᠨ ᠢᠶᠠᠷ ᠢᠶᠠᠨ ᠬᠦᠷᠵᠡ ᠵᠡᠷᠭᠡ ᠪᠠᠭᠠᠵᠢ ᠶᠢ ᠪᠠᠷᠢᠵᠤ᠂ ᠬᠠᠰᠢᠯᠭ᠎ᠠ ᠶᠢ ᠪᠠᠬᠢᠯᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠭᠤᠣᠯ ᠤᠨ ᠬᠠᠰᠢᠯᠭ᠎ᠠ ᠶᠢᠨ ᠦᠶᠡᠷ ᠤᠨ ᠬᠤᠭᠤᠴᠠᠭᠠᠨ ᠳᠤ ᠲᠣᠭᠲᠠᠭᠤᠨ  ᠢᠶᠠᠷ ᠦᠶᠡᠷ ᠢ ᠰᠡᠷᠭᠡᠶᠢᠯᠡᠬᠦ ᠦᠢᠯᠡᠳᠦᠯ ᠢ ᠪᠠᠳᠠᠷᠠᠭᠤᠯᠬᠤ ᠶᠢ ᠪᠠᠲᠤᠯᠠᠵᠠᠢ᠃ ᠣᠶᠢᠯᠠᠭᠠᠭᠰᠠᠨ ᠢᠶᠠᠷ᠂ ᠲᠣᠰ ᠤᠳᠠᠭ᠎ᠠ ᠬᠠᠰᠢᠯᠭ᠎ᠠ ᠶᠢ ᠬᠠᠮᠠᠭᠠᠯᠠᠨ ᠤᠰᠤ ᠬᠠᠰᠢᠬᠤ ᠬᠡᠷᠡᠮ ᠢ ᠪᠠᠬᠢᠯᠡᠵᠦ ᠵᠠᠰᠠᠭᠰᠠᠨ ᠨᠢ ᠨᠡᠶᠢᠲᠡ 10 ᠭᠠᠷᠤᠶ ᠣᠷᠳᠣ ᠮᠧᠲᠷ᠂ ᠱᠦᠢᠨᠢ 1 ᠲᠣᠨ᠂ ᠬᠠᠶᠢᠷ ᠴᠢᠯᠠᠭᠤ 12 ᠪᠣᠰᠤᠭ᠎ᠠ ᠳᠥᠷᠪᠡᠯᠵᠢᠨ ᠮᠧᠲᠷ ᠪᠠᠶᠢᠨ᠎ᠠ᠃       ᠳᠠᠷᠠᠭᠠᠴᠢ ᠶᠢᠨ ᠠᠯᠬᠤᠮ ᠳᠤ᠂ ᠭᠤᠣᠯ ᠤᠨ ᠪᠠᠷᠠᠭᠤᠨᠳᠡᠬᠢ ᠵᠡᠭᠡᠯᠢ ᠭᠤᠳᠤᠮᠵᠢ ᠶᠢᠨ ᠬᠢᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠬᠢᠵᠢᠭᠦᠯᠵᠦ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠢ ᠴᠠᠭ ᠢᠮᠠᠭᠲᠠ ᠠᠩᠬᠠᠷᠴᠤ᠂ ᠬᠠᠷᠢᠶ᠎ᠠ ᠣᠷᠣᠨ ᠤ ᠠᠶᠤᠯᠲᠠᠢ ᠪᠠᠷᠢᠯᠭ᠎ᠠ ᠶᠢᠨ ᠠᠶᠤᠯᠲᠠᠢ ᠬᠡᠰᠡᠭ ᠢ ᠨᠠᠷᠢᠨ ᠬᠢᠨᠠᠮᠠᠭᠠᠢ ᠪᠠᠶᠢᠴᠠᠭᠠᠨ ᠴᠡᠭᠴᠡᠯᠡᠵᠦ᠂ ᠠᠭᠤᠯᠠ ᠶᠡᠭᠦᠷᠡᠬᠦ ᠭᠡᠮ ᠰᠣᠭᠤᠭ ᠲᠠᠢ ᠭᠠᠵᠠᠷ ᠢ ᠭᠤᠣᠯᠳᠠᠯᠭ᠎ᠠ ᠲᠠᠢ ᠠᠩᠬᠠᠷᠴᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠪᠣᠯᠤᠨ᠎ᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ