ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ᠂ ᠬᠤᠲᠠ ᠶᠢᠨ ᠳᠡᠳ᠋  ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/7/5
      ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠬᠥᠯᠥᠨ ᠪᠤᠶᠢᠷ ᠤᠨ ᠯᠢᠩ  ᠳ᠋ᠦᠩ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ᠂ ᠠᠯᠳᠠᠷᠲᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠵᠠᠯᠠᠨ ᠠᠶᠢᠯ ᠬᠤᠲᠠ ᠳᠤ ᠰᠠᠭᠤᠭ᠎ᠠ ᠬᠤᠯᠪᠣᠭᠳᠠᠯ ᠪᠥᠬᠦᠶ ᠨᠢᠭᠡᠴᠡ ᠳᠤ᠄       ᠦᠨᠳᠦᠰᠦᠨ ᠬᠠᠤᠯᠢ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ ᠶᠢᠨ ᠲᠣᠭᠲᠠᠭᠠᠯ ᠢ ᠦᠨᠳᠦᠰᠦᠯᠡᠪᠡᠯ᠂ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠬᠤᠲᠠ ᠶᠢᠨ ᠳᠡᠳ᠋ ᠳᠠᠷᠤᠭ᠎ᠠ ᠨᠢ ᠬᠤᠲᠠ ᠶᠢᠨ ᠳᠠᠷᠤᠭ᠎ᠠ   ᠶᠢ  ᠬᠠᠮᠵᠢᠨ ᠠᠵᠢᠯᠯᠠᠨ᠎ᠠ᠃  ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠳᠠ ᠶᠢᠨ ᠳᠠᠷᠤᠭ᠎ᠠ᠂ ᠬᠤᠳᠠ ᠶᠢᠨ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠢ ᠤᠳᠤ ᠳᠣᠣᠷᠠᠬᠢ ᠮᠡᠲᠦ ᠪᠠᠷ ᠲᠣᠬᠢᠷᠠᠭᠤᠯᠤᠶ᠎ᠠ᠄       ᠸᠠᠩ ᠪᠥᠸᠧ ᠬᠤᠲᠠ ᠶᠢᠨ ᠳᠠᠷᠤᠭ᠎ᠠ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠬᠢᠨᠠᠨ ᠪᠤᠳᠤᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠦ᠋ ᠴᠧᠨ ᠳ᠋ᠦᠩ‌‍ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ  ᠄ ᠸᠠᠩ ᠪᠥᠸᠧ ᠬᠤᠲᠠ ᠶᠢᠨ ᠳᠠᠷᠤᠭ᠎ᠠ ᠶᠢ ᠬᠠᠮᠵᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯ ᠵᠢᠴᠢ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠵᠠᠬᠢᠳᠠᠯ ᠰᠤᠷᠪᠤᠯᠵᠢᠯᠠᠭ᠎ᠠ᠂ ᠤᠯᠤᠰ ᠤᠨ ᠡᠳ᠋ ᠬᠥᠷᠥᠩᠭᠡ᠂ ᠭᠠᠳᠠᠭᠠᠳᠤ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠲᠠ ᠬᠥᠳᠡᠭᠡ ᠶᠢᠨ ᠲᠥᠯᠥᠪᠵᠢᠭᠦᠯᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠬᠤᠲᠠ ᠶᠢᠨ ᠬᠠᠮᠢᠶᠠᠷᠤᠯᠲᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ︵ᠬᠤᠲᠠ ᠶᠢᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ︶᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ︶᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ  ᠤᠶᠢᠯᠡᠴᠢᠯᠡᠭᠡᠨ ᠤ ᠲᠥᠪ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠺᠣᠮᠫᠠᠨᠢ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠷᠦᠬᠡ ᠶᠢᠨ ᠴᠡᠷᠢᠭ ᠤᠨ ᠵᠡᠪᠰᠡᠭ ᠲᠣᠨᠣᠭᠯᠠᠯ ᠤᠨ ᠬᠥᠮᠥᠷᠭᠡ᠂ ᠡᠷᠦᠬᠡ ᠶᠢᠨ ᠴᠡᠷᠢᠭ ᠤᠨ ᠴᠡᠷᠢᠭ ᠤᠨ ᠪᠣᠯᠪᠠᠰᠤᠷᠠᠯ ᠤᠨ ᠰᠠᠭᠤᠷᠢᠨ ᠭᠠᠵᠠᠷ ᠢ‌ᠬᠤᠪᠢᠳᠠᠨ ᠬᠠᠮᠢᠶᠠᠷᠤᠨ᠎ᠠ᠃ ᠬᠤᠲᠠ ᠶᠢᠨ ᠳᠠᠷᠤᠭ᠎ᠠ ᠶᠢ ᠬᠠᠮᠵᠢᠨ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠬᠤᠳᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃       ᠬᠠᠷᠢᠯᠴᠠᠬᠤ᠄ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠯᠪᠠᠨ ᠭᠡᠷ᠂ ᠬᠤᠲᠠ ᠶᠢᠨ ᠨᠠᠮ ᠤᠨ ᠬᠤᠷᠢᠶ᠎ᠠ ᠶᠢᠨ ᠣᠷᠤᠨ  ᠲᠤᠭ᠎ᠠ ᠶᠢᠨ ᠠᠯᠪᠠᠨ ᠭᠡᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠵᠠᠯᠠᠨ ᠠᠶᠢᠯ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠯᠥᠨ ᠪᠤᠶᠢᠷ ᠤᠨ ᠤᠰᠤᠨ ᠰᠢᠨᠵᠢᠯᠡᠭᠡᠨ ᠤ ᠬᠠᠶᠢᠨ ᠬᠡᠮᠵᠢᠯᠲᠡ ᠶᠢᠨ ᠲᠣᠪᠴᠢᠶ᠎ᠠ ᠶᠢᠨ ᠵᠠᠯᠠᠨ ᠠᠶᠢᠯ ᠤᠨ ᠤᠰᠤᠨ ᠰᠢᠨᠵᠢᠯᠡᠭᠡᠨ ᠤ ᠬᠠᠶᠢᠨ ᠬᠡᠮᠵᠢᠯᠲᠡ ᠶᠢᠨ ᠠᠩᠭᠢ᠂ ᠵᠠᠯᠠᠨ ᠠᠶᠢᠯ ᠤᠨ ᠠᠭᠠᠷ ᠤᠨ ᠠᠶᠠᠯᠠᠯ ᠤᠨ ᠣᠶ ᠰᠢᠭᠤᠶ ᠶᠢᠨ ᠬᠠᠮᠠᠭᠠᠯᠠᠯᠲᠠ ᠶᠢᠨ ᠥᠷᠲᠡᠭᠡ᠂ ᠵᠠᠯᠠᠨ ᠠᠶᠢᠯ ᠬᠤᠲᠠ ᠶᠢᠨ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ᠂ ᠴᠠᠢ ᠾᠧ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ᠂ ᠵᠠᠯᠠᠨ ᠠᠶᠢᠯ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 32668 ᠴᠡᠷᠢᠭ ᠠᠩᠭᠢ᠂ ᠠᠷᠠᠳ ᠤᠨ ᠪᠠᠩᠬᠢ ᠶᠢᠨ ᠵᠠᠯᠠᠨ ᠠᠶᠢᠯ ᠬᠤᠲᠠ ᠶᠢᠨ ᠰᠠᠯᠪᠤᠷᠢ ᠪᠠᠩᠬᠢ᠂ ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠵᠠᠯᠠᠨ ᠠᠶᠢᠯ ᠬᠤᠲᠠ ᠶᠢᠨ ᠲᠤᠬᠠᠶᠢᠯᠠᠭᠰᠠᠨ ᠠᠵᠢᠯ ᠤᠨ ᠬᠡᠯᠲᠡᠰ᠂ ᠡᠯ᠎ᠡ ᠮᠥᠩᠭᠦᠨ ᠭᠦᠢᠯᠭᠡᠭᠡ᠂ ᠳᠠᠭᠠᠳᠬᠠᠯ ᠵᠡᠷᠭᠡ ᠪᠠᠶᠢᠭᠤᠯᠤᠮᠵᠢ᠃      ᠶᠠᠩ ᠵᠢᠶ ᠴᠦᠨ ᠬᠤᠲᠠ ᠶᠢᠨ ᠳᠡᠳ᠋ ᠳᠠᠷᠤᠭ᠎ᠠ ᠄ ᠸᠠᠩ ᠪᠥᠸᠧ ᠬᠤᠲᠠ ᠶᠢᠨ ᠳᠠᠷᠤᠭ᠎ᠠ ᠶᠢ ᠬᠠᠪᠰᠤᠷᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠬᠤᠳᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠠᠷᠢᠯᠴᠠᠬᠤ᠄ ᠬᠤᠲᠠ ᠶᠢᠨ ᠪᠣᠭᠤᠮᠲᠠ ᠶᠢᠨ ᠠᠵᠢᠯ ᠤᠨ ᠵᠥᠪᠯᠡᠯ᠂ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠯᠥᠨ ᠪᠤᠶᠢᠷ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠥᠪ᠂ ᠬᠥᠯᠥᠨ ᠪᠤᠶᠢᠷ ᠬᠤᠲᠠ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ᠃       ᠯᠢ ᠶᠠᠨ ᠯᠢᠩ ᠬᠤᠲᠠ ᠶᠢᠨ ᠳᠡᠳ᠋ ᠳᠠᠷᠤᠭ᠎ᠠ᠄ ᠸᠠᠩ ᠪᠥᠸᠧ ᠬᠤᠲᠠ ᠶᠢᠨ ᠳᠠᠷᠤᠭ᠎ᠠ ᠶᠢ ᠬᠠᠪᠰᠤᠷᠤᠨ ᠬᠠᠤᠯᠢ ᠶᠣᠰᠣᠭᠠᠷ ᠬᠤᠲᠠ ᠶᠢ ᠵᠠᠰᠠᠬᠤ᠂ ᠨᠡᠶᠢᠭᠡᠮ ᠢ ᠲᠣᠭᠲᠠᠭᠤᠨ ᠪᠠᠶᠢᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠵᠤ᠂ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠴᠤ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠳᠠ ᠶᠢᠨ ᠳᠠᠷᠤᠭ᠎ᠠ ᠶᠢ ᠬᠠᠮᠵᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠬᠤᠳᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠠᠷᠢᠯᠴᠠᠬᠤ ᠄ ᠬᠤᠲᠠ ᠶᠢᠨ ᠠᠷᠠᠳ ᠤᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠥᠪᠥᠷ ᠮᠣᠩᠭᠤᠯ ᠤᠨ ᠵᠠᠯᠠᠨ ᠠᠶᠢᠯ ᠤᠨ ᠭᠢᠨᠳᠠᠨ᠂ ᠵᠡᠪᠰᠡᠭᠲᠦ ᠴᠠᠭᠳᠠᠭ᠎ᠠ ᠶᠢᠨ ᠬᠥᠯᠥᠨ ᠪᠤᠶᠢᠷ ᠬᠤᠲᠠ ᠶᠢᠨ ᠰᠠᠯᠪᠤᠷᠢ ᠠᠩᠭᠢ ᠶᠢᠨ ᠬᠤᠶᠠᠳᠤᠭᠠᠷ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠯᠠᠨ ᠠᠶᠢᠯ ᠤᠨ ᠠᠷᠤ ᠲᠠᠯ᠎ᠠ ᠶᠢᠨ ᠤᠶᠢᠯᠡᠴᠢᠯᠡᠭᠡᠨ ᠤ ᠬᠠᠩᠭᠠᠯᠭ᠎ᠠ ᠶᠢᠨ ᠭᠠᠵᠠᠷ᠂ ᠤᠯᠤᠰ ᠤᠨ ᠠᠮᠤᠷ ᠲᠦᠪᠰᠢᠨ ᠤ  ᠲᠣᠪᠴᠢᠶ᠎ᠠ᠃      ᠮᠧᠩ ᠭᠠᠩ  ᠬᠤᠲᠠ ᠶᠢᠨ ᠳᠡᠳ᠋ ᠳᠠᠷᠤᠭ᠎ᠠ ᠄ ᠸᠠᠩ ᠪᠥᠸᠧ ᠬᠤᠲᠠ ᠶᠢᠨ ᠳᠠᠷᠤᠭ᠎ᠠ ᠶᠢ ᠬᠠᠮᠵᠢᠨ ᠲᠠᠷᠢᠶᠠᠯᠠᠩ ᠬᠥᠳᠡᠭᠡ ᠲᠣᠰᠬᠤᠨ᠂ ᠣᠶ ᠰᠢᠭᠤᠶ ᠶᠢᠨ ᠠᠮᠢ ᠠᠬᠤᠶ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ᠂ ᠬᠠᠩᠭᠠᠨ ᠪᠣᠷᠣᠯᠠᠭᠤᠯᠬᠤ ᠬᠠᠮᠲᠤᠷᠠᠯᠴᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠣᠲᠣ ᠦᠶ᠎ᠡ ᠶᠢᠨ ᠲᠠᠷᠢᠶᠠᠯᠠᠩ ᠤᠨ ᠠᠵᠤ ᠤᠶᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︵ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠬᠥᠭᠵᠢᠭᠦᠯᠦᠯᠲᠡ ᠶᠢᠨ ᠲᠥᠪ︶᠂ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ᠂ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠥᠪ᠂ ᠣᠲᠣ ᠦᠶ᠎ᠡ ᠶᠢᠨ ᠲᠠᠷᠢᠶᠠᠯᠠᠩ ᠤᠨ ᠠᠵᠤ  ᠤᠶᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ᠂ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠤᠨ ᠠᠵᠤ  ᠤᠶᠢᠯᠡᠰ ᠤᠨ ᠬᠦᠷᠢᠶᠡᠯᠡᠩ ᠤᠨ ᠤᠶᠢᠯᠡᠴᠢᠯᠡᠭᠡᠨ ᠤ ᠲᠥᠪ᠂ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠤᠨ ᠪᠠᠯᠠ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠬᠤᠳᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠠᠷᠢᠯᠴᠠᠬᠤ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠴᠠᠭ ᠠᠭᠤᠷ ᠤᠨ ᠲᠣᠪᠴᠢᠶ᠎ᠠ᠂ ᠡᠮᠦᠨ᠎ᠡ ᠮᠣᠳᠣᠨ ᠤ ᠣᠶ ᠰᠢᠭᠤᠶ ᠶᠢᠨ ᠦᠶ᠋ᠯᠡᠰ ᠤᠨ ᠲᠣᠪᠴᠢᠶ᠎ᠠ᠂ ᠴᠠᠢ ᠾᠧ ᠣᠶ ᠰᠢᠭᠤᠶ ᠶᠢᠨ ᠲᠣᠪᠴᠢᠶ᠎ᠠ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠵᠠᠯᠠᠨ ᠠᠶᠢᠯ ᠤᠨ ᠠᠳᠤᠭᠤᠨ ᠤ ᠲᠠᠯᠠᠪᠠᠶ᠂ ᠴᠢ ᠡᠯ ᠾᠧ ᠲᠠᠷᠢᠶᠠᠯᠠᠩ ᠤᠨ ᠲᠠᠯᠠᠪᠠᠶ᠂ ᠳ᠋ᠠ ᠾᠧ ᠸᠠᠨ ᠲᠠᠷᠢᠶᠠᠯᠠᠩ ᠤᠨ ᠲᠠᠯᠠᠪᠠᠶ᠃       ᠯᠦ ᠶᠠ ᠭᠤᠸᠠᠩ ᠬᠤᠲᠠ ᠶᠢᠨ ᠳᠡᠳ᠋ ᠳᠠᠷᠤᠭ᠎ᠠ ᠄ ᠸᠠᠩ ᠪᠥᠸᠧ ᠬᠤᠲᠠ ᠶᠢᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠶᠡᠷᠦᠩᠬᠡᠶᠢᠯᠡᠭᠰᠡᠨ ᠲᠤᠭ᠎ᠠ ᠪᠦᠷᠢᠳᠬᠡᠯ᠂ ᠠᠵᠤ ᠦᠶ᠋ᠯᠡᠳᠪᠦᠷᠢ ᠶᠢᠨ ᠠᠵᠤ ᠠᠬᠤᠶ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠠᠬᠢᠯᠭᠠᠨ ᠤ ᠤᠶᠢᠯᠡᠰ ᠤᠨ ᠴᠠᠬᠢᠯᠭᠠᠨ ᠬᠦᠴᠦ᠂ ᠠᠮᠤ ᠪᠤᠳᠠᠭ᠎ᠠ ᠡᠳ᠋ ᠪᠣᠳᠠᠰ᠂ ᠭᠠᠳᠠᠭᠠᠳᠤ ᠨᠡᠭᠡᠭᠡᠯᠲᠡ᠂ ᠬᠤᠳᠠᠯᠳᠤᠭᠠᠨ ᠤ ᠶᠠᠪᠤᠳᠠᠯ᠂ ᠨᠡᠭᠦᠳᠡᠯ ᠠᠷᠠᠳ᠂ ᠰᠦᠯᠵᠢᠶᠡᠨ ᠤ ᠠᠵᠤ ᠠᠬᠤᠶ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ ᠲᠣᠪᠴᠢᠶ᠎ᠠ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ︶᠂ ᠬᠥᠯᠥᠨ ᠪᠤᠶᠢᠷ ᠤᠨ ᠳᠠᠪᠠᠭᠠᠨ ᠤ ᠵᠡᠭᠦᠨᠳᠡᠬᠢ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠵᠤ ᠤᠶᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠬᠥᠭᠵᠢᠭᠦᠯᠦᠯᠲᠡ ᠶᠢᠨ ᠰᠤᠳᠤᠯᠭᠠᠨ ᠤ ᠲᠥᠪ ︵ᠲᠥᠷᠥᠯ ᠵᠤᠶᠢᠯ ᠢ ᠣᠷᠣᠭᠤᠯᠤᠨ ᠠᠪᠴᠢᠷᠠᠬᠤ ᠲᠥᠪ︶᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠪ ᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠬᠤᠳᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠠᠷᠢᠯᠴᠠᠬᠤ ᠄ ᠬᠥᠯᠥᠨ ᠪᠤᠶᠢᠷ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠯᠠᠨ ᠠᠶᠢᠯ ᠬᠤᠲᠠ ᠶᠢᠨ ᠬᠤᠪᠢᠶᠠᠷᠢ ᠲᠣᠪᠴᠢᠶ᠎ᠠ ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠠᠯᠠᠨ ᠠᠶᠢᠯ ᠤᠨ ᠪᠠᠶᠢᠴᠠᠭᠠᠬᠤ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠵᠠᠯᠠᠨ ᠠᠶᠢᠯ ᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ ᠶᠢᠨ ᠵᠠᠯᠠᠨ ᠠᠶᠢᠯ ᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠵᠠᠯᠠᠨ ᠠᠶᠢᠯ ᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠲᠡᠮᠦᠷ ᠰᠤᠪᠤᠷᠭ᠎ᠠ ᠶᠢᠨ ᠬᠥᠯᠥᠨ ᠪᠤᠶᠢᠷ ᠬᠤᠲᠠ ᠶᠢᠨ ᠬᠤᠪᠢᠶᠠᠷᠢ ᠺᠣᠮᠫᠠᠨᠢ ᠶᠢᠨ ᠵᠠᠯᠠᠨ ᠠᠶᠢᠯ ᠲᠥᠷᠥᠯ  ᠵᠤᠶᠢᠯ ᠤᠨ ᠬᠡᠯᠲᠡᠰ᠂ ᠠᠨ ᠲᠠᠢ ᠢᠯᠴᠢ ᠶᠢᠨ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠠᠯᠠᠨ ᠠᠶᠢᠯ ᠢᠯᠴᠢ ᠶᠢᠨ ᠴᠠᠬᠢᠯᠭᠠᠨ ᠤ ᠦᠶ᠋ᠯᠡᠳᠪᠦᠷᠢ᠂ ᠤᠯᠤᠰ ᠤᠨ ᠴᠠᠬᠢᠯᠭᠠᠨ ᠲᠣᠤᠷ ᠤᠨ ᠵᠠᠯᠠᠨ ᠠᠶᠢᠯ ᠴᠠᠬᠢᠯᠭᠠᠨ ᠬᠠᠩᠭᠠᠬᠤ ᠺᠣᠮᠫᠠᠨᠢ᠂ ᠵᠠᠯᠠᠨ ᠠᠶᠢᠯ ᠬᠤᠲᠠ ᠶᠢᠨ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠭᠠᠨ ᠤ ᠲᠣᠪᠴᠢᠶ᠎ᠠ ︵ᠶᠠᠩᠵᠤᠤᠷ ᠲᠠᠮᠠᠬᠢ ᠡᠵᠡᠩᠨᠡᠨ ᠪᠣᠷᠣᠯᠠᠭᠤᠯᠬᠤ ᠬᠡᠯᠲᠡᠰ︶᠂ ᠴᠢᠯᠠᠭᠤᠨ ᠲᠣᠰᠣᠨ ᠤ ᠺᠣᠮᠫᠠᠨᠢ᠂ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠥᠯᠥᠨ ᠪᠤᠶᠢᠷ ᠤᠨ ᠰᠢᠭᠤᠳ ᠬᠠᠷᠢᠶ᠎ᠠ ᠬᠥᠮᠥᠷᠭᠡ ᠶᠢᠨ ᠺᠣᠮᠫᠠᠨᠢ᠃       ᠬᠠᠨ ᡁᠢ ᠯᠢ ᠳᠡᠳ᠋ ᠬᠤᠲᠠ ᠶᠢᠨ ᠳᠠᠷᠤᠭ᠎ᠠ ᠄ ᠸᠠᠩ ᠪᠥᠸᠧ ᠬᠤᠲᠠ ᠶᠢᠨ ᠳᠠᠷᠤᠭ᠎ᠠ ᠶᠢ ᠬᠠᠮᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮ ᠡᠮᠨᠡᠯᠭᠡ ᠶᠢᠨ ᠪᠠᠲᠤᠯᠠᠭ᠎ᠠ᠂ ᠡᠮ ᠡᠮᠨᠡᠯᠭᠡ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ᠂ ᠠᠭᠠᠷ ᠤᠨ ᠠᠶᠠᠯᠠᠯ ᠤᠨ ᠠᠵᠤ ᠤᠶᠢᠯᠡᠰ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ︶ ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠠᠷᠠᠳ ᠤᠨ ᠠᠭᠠᠷ ᠤᠨ ᠲᠡᠭᠡᠭᠡᠪᠦᠷᠢ ᠶᠢᠨ  ᠤᠶᠢᠯᠡᠰ ᠤᠨ ᠬᠥᠭᠵᠢᠯᠲᠡ ᠶᠢᠨ ᠲᠥᠪ᠂ ᠠᠭᠠᠷ ᠤᠨ ᠠᠵᠤ  ᠤᠶᠢᠯᠡᠰ ᠤᠨ ᠬᠥᠭᠵᠢᠯᠲᠡ ᠶᠢ ᠠᠬᠢᠭᠤᠯᠬᠤ ᠲᠣᠪᠴᠢᠶ᠎ᠠ᠂ ᠰᠢᠤᠳᠠᠨ ᠤ ᠤᠶᠢᠯᠡᠰ ᠤᠨ ᠬᠥᠭᠵᠢᠯᠲᠡ ᠶᠢᠨ ᠲᠥᠪ ︵ᠰᠢᠤᠳᠠᠨ ᠤ ᠤᠶᠢᠯᠡᠰ ᠤᠨ ᠠᠮᠤᠷ ᠲᠦᠪᠰᠢᠨ ᠤ ᠲᠥᠪ︶ ᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠬᠤᠳᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠠᠷᠢᠯᠴᠠᠬᠤ᠄ ᠬᠥᠯᠥᠨ ᠪᠤᠶᠢᠷ ᠬᠤᠲᠠ ᠶᠢᠨ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠺᠣᠮᠫᠠᠨᠢ᠂ ᠵᠠᠯᠠᠨ ᠠᠶᠢᠯ ᠤᠨ ᠭᠠᠯᠲᠤ ᠲᠡᠷᠭᠡᠨ ᠥᠷᠲᠡᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢᠨ ᠭᠤᠷᠪᠠᠳᠤᠭᠠᠷ ᠰᠠᠯᠪᠤᠷᠢ ᠠᠩᠭᠢ ᠶᠢᠨ ᠭᠤᠷᠪᠠᠳᠤᠭᠠᠷ ᠶᠡᠭᠡ ᠠᠩᠭᠢ᠂ ᠬᠥᠯᠥᠨ ᠪᠤᠶᠢᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠤᠶᠢᠯᠡᠰ ᠤᠨ ᠬᠥᠭᠵᠢᠯᠲᠡ ᠶᠢᠨ ᠲᠥᠪ ᠤᠨ ᠵᠠᠯᠠᠨ ᠠᠶᠢᠯ ᠤᠨ ᠬᠤᠪᠢᠶᠠᠷᠢ ᠲᠥᠪ᠂ ᠵᠠᠮ ᠤᠨ  ᠰᠦᠢᠳᠭᠡᠯ ᠬᠤᠷᠢᠶᠠᠬᠤ ᠥᠷᠲᠡᠭᠡ ︵ᠭᠠᠵᠠᠷ︶᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠨᠢᠰᠦᠯᠲᠡ ᠶᠢᠨ ᠳᠡᠭᠡᠳᠦ ᠰᠤᠷᠭᠠᠭᠤᠯᠢ᠃       ᠰᠦ ᠸᠧᠨ ᠳᠡᠳ᠋ ᠬᠤᠲᠠ ᠶᠢᠨ ᠳᠠᠷᠤᠭ᠎ᠠ᠄ ᠬᠤᠯᠪᠣᠭᠳᠠᠯ ᠪᠦᠬᠦᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠲᠠ ᠶᠢᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠣᠶᠣᠯ ᠵᠢᠭᠤᠯᠴᠢᠯᠠᠯ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠨ᠎ᠡ᠃      ᠶᠢᠨ ᠰᠢᠶᠤᠤ ᠬᠤᠶ ᠳᠡᠳ᠋ ᠬᠤᠲᠠ ᠶᠢᠨ ᠳᠠᠷᠤᠭ᠎ᠠ᠄ ᠸᠠᠩ ᠪᠥᠸᠧ ᠬᠤᠲᠠ ᠶᠢᠨ ᠳᠠᠷᠤᠭ᠎ᠠ ᠶᠢ ᠬᠠᠮᠵᠢᠨ ᠦᠨᠳᠦᠰᠦᠲᠡᠨ ᠤ ᠬᠡᠷᠡᠭ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠰᠣᠶᠣᠯ ᠪᠡᠶ᠎ᠡ ᠲᠠᠮᠢᠷ ᠷᠠᠳᠢᠣ᠋ ᠲᠧᠯᠸᠢᠰ᠂ ᠵᠢᠭᠤᠯᠴᠢᠯᠠᠯ ᠤᠨ ᠬᠥᠭᠵᠢᠯᠲᠡ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ  ᠵᠤᠶᠢᠯᠡᠰ ᠤᠨ ᠲᠣᠪᠴᠢᠶ᠎ᠠ︶᠂ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ ᠲᠣᠪᠴᠢᠶ᠎ᠠ᠂ ᠠᠯᠳᠠᠷᠲᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠪᠠᠯᠠ ᠣᠷᠣᠭᠤᠯᠵᠤ ᠨᠡᠭᠡᠭᠡᠨ ᠬᠥᠭᠵᠢᠭᠦᠯᠬᠦ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠬᠤᠳᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠠᠷᠢᠯᠴᠠᠬᠤ ᠄ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠬᠤᠲᠠ ᠶᠢᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠮᠡᠳᠡᠭᠡ ᠵᠠᠩᠭᠢ ᠶᠢᠨ ᠰᠦᠯᠵᠢᠶ᠎ᠡ ᠶᠢᠨ ᠵᠠᠯᠠᠨ ᠠᠶᠢᠯ ᠤᠨ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠲᠣᠪᠴᠢᠶ᠎ᠠ ᠶᠢᠨ ᠵᠠᠯᠠᠨ ᠠᠶᠢᠯ ᠤᠨ 696 ᠰᠠᠴᠤᠷᠠᠭᠤᠯᠬᠤ ᠲᠠᠪᠴᠠᠩ᠂ ᠰᠢᠨᠬᠤᠸᠠ ᠨᠣᠮ ᠤᠨ ᠳᠡᠯᠭᠡᠭᠦᠷ ᠵᠢᠴᠢ ᠡᠯ᠎ᠡ ᠰᠣᠨᠢᠨ ᠮᠡᠳᠡᠭᠡᠨ ᠤ ᠨᠢᠭᠡᠴᠡ ᠲᠠᠢ ᠬᠠᠷᠢᠯᠴᠠᠨ᠎ᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ