ᠨᠠᠮᠴᠢ ᠴᠢᠨᠠᠷ ᠢᠶᠠᠨ ᠴᠢᠩᠭᠠᠳᠭᠠᠨ ᠤᠬ ᠰᠠᠨᠠᠭ᠎ᠠ ᠪᠠᠨ ᠪᠠᠲᠤ  ᠴᠡᠭᠡᠵᠢᠯᠡᠨ ᠰᠢᠨ᠎ᠡ ᠭᠠᠪᠢᠶ᠎ᠠ ᠪᠠᠶᠢᠭᠤᠯᠵᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠤᠨ᠎ᠠ — ᠵᠠᠯᠠᠨ ᠠᠶᠢᠯ ᠬᠤᠳᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠡᠭᠦᠷ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ  ᠪᠡᠯᠡᠭᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/5
      ᠪᠤᠷᠤᠭᠠᠨᠠᠷᠢᠯᠵᠤ ᠲᠩᠷᠢ ᠲᠤᠩᠭᠠᠯᠠᠭᠰᠢᠨ᠂ ᠠᠭᠠᠷ ᠲᠤᠩᠭᠠᠯᠠᠭ ᠠᠭᠣᠷ  ᠠᠮᠢᠰᠠᠭᠤᠯ ᠰᠡᠷᠢᠭᠦᠨ᠃ 7 ᠰᠠᠷ᠎ᠠ ᠶᠢᠨ 1       ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠣᠶ  ᠶᠢ ᠪᠡᠯᠡᠭᠯᠡᠬᠦ ᠶᠢᠨ  ᠲᠦᠯᠦᠭᠡ᠂ ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ  ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠡᠭᠦᠷ  ᠠᠴᠠ  ᠪᠡᠯᠡᠭᠯᠡᠬᠦ‌ᠠᠵᠢᠯᠯᠠᠭ᠎ᠠ ᠥᠷᠨᠢᠭᠦᠯᠵᠦ᠂ ᠪᠥᠬᠦ ᠪᠠᠭᠰᠢ ᠠᠵᠢᠯᠲᠠᠨ ᠬᠠᠮᠳᠤ ᠪᠠᠨ ᠣᠷᠣᠯᠴᠠᠭᠰᠠᠨ ᠪᠠᠶᠢᠨ᠎ᠠ᠃      ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠮᠢᠩ ᠵᠧ  ᠡᠴᠠ‌ᠭᠤᠣᠯᠯᠠᠨ ᠶᠠᠷᠢᠭᠰᠠᠨ ᠭᠤᠣᠯ ᠰᠡᠳᠦᠪᠲᠦ ᠨᠠᠮ ᠤᠨ ᠬᠢᠴᠢᠶᠡᠯ ᠨᠢ ᠤᠯᠤᠰ ᠢ ᠬᠦᠴᠦᠷᠬᠡᠭᠵᠢᠭᠦᠯᠬᠦ ᠳᠤ ᠡᠷᠬᠡᠪᠰᠢ ᠤᠷᠢᠳᠠᠪᠠᠷ ᠰᠤᠷᠭᠠᠨ ᠬᠥᠮᠦᠵᠢᠯ ᠢ ᠬᠦᠴᠦᠷᠬᠡᠭᠵᠢᠭᠦᠯᠵᠦ᠂ ᠰᠤᠷᠭᠠᠨ ᠬᠥᠮᠦᠵᠢᠯ ᠢ ᠬᠦᠴᠦᠷᠬᠡᠭᠵᠢᠭᠦᠯᠬᠦ ᠳᠤ ᠡᠷᠬᠡᠪᠰᠢ ᠤᠷᠢᠳᠠᠪᠠᠷ ᠪᠠᠭᠰᠢ ᠶᠢ ᠬᠦᠴᠦᠷᠬᠡᠭᠵᠢᠭᠦᠯᠬᠦ ᠬᠠᠲᠠᠭᠤ ᠶᠣᠰᠣ ᠶᠢ ᠭᠦᠨᠵᠡᠭᠡᠢ ᠲᠣᠳᠣᠷᠬᠠᠶᠢᠯᠠᠨ ᠥᠭᠦᠯᠡᠵᠡᠢ︔ ᠨᠠᠮ ᠤᠨ ᠠᠯᠪᠠᠨ ᠭᠡᠷ ᠤᠨ ᠡᠷᠬᠢᠯᠡᠭᠴᠢ ᠯᠢᠦ ᠵᠢᠶᠧ  ᠠᠴᠠ ︽ᠮᠢᠨᠦ ᠨᠠᠮ ᠳᠤ ᠤᠷᠤᠭᠰᠠᠨ ᠦᠯᠢᠭᠡᠷ︾ ᠢ ᠬᠤᠪᠢᠶᠠᠯᠴᠠᠬᠤ  ᠳᠤ ᠪᠠᠨ᠂ ᠬᠠᠶᠢᠷ᠎ᠠ ᠰᠡᠳᠬᠢᠯᠭᠡ ᠦᠨᠡᠨᠴᠢ ᠰᠢᠳᠤᠷᠭᠤ᠂ ᠰᠡᠳᠬᠢᠯ ᠬᠥᠳᠡᠯᠭᠡᠮ᠎ᠡ ᠪᠣᠷᠣᠭᠵᠢᠭᠤᠨ ᠪᠠᠶᠢᠵᠤ᠂ ᠤᠭ ᠰᠠᠨᠠᠭ᠎ᠠ ᠪᠠᠷ ᠢᠶᠠᠨ ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ ᠶᠢ ᠦᠯᠦ ᠮᠠᠷᠲᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠤᠯᠤᠰ ᠤᠨ ᠢᠶᠠᠨ ᠲᠥᠯᠥᠭᠡ ᠴᠢᠳᠠᠪᠤᠷᠢᠲᠠᠨ ᠢ ᠬᠥᠮᠦᠵᠢᠭᠦᠯᠦᠨ᠎ᠡ  ᠭᠡᠰᠡᠨ ᠪᠠᠶᠢᠨ᠎ᠠ᠃ ︽ᠦᠵᠡᠯ ᠰᠠᠨᠠᠭ᠎ᠠ ᠶᠢ ᠰᠤᠷᠤᠯᠴᠠᠬᠤ ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠭᠤᠣᠯ ᠰᠡᠳᠦᠪᠲᠦ ᠨᠠᠮ ᠤᠨ ᠡᠳᠦᠷ᠂ ᠦᠨᠳᠦᠰᠦ ᠰᠠᠭᠤᠷᠢ ᠶᠢ ᠨᠢ ᠪᠤᠶᠢᠵᠢᠭᠤᠯᠤᠨ ᠰᠦᠭ ᠰᠦᠨᠡᠰᠦ ᠶᠢ ᠨᠢ ᠱᠤᠭᠤᠵᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ᠂ ᠠᠵᠢᠯ ᠢᠶᠠᠨ ᠠᠬᠢᠭᠤᠯᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠪᠡ︔ ᠨᠠᠮ ᠤᠨ ᠭᠡᠰᠢᠭᠦᠨ ᠲᠥᠪᠯᠡᠷᠡᠭᠦᠯᠦᠨ ᠰᠤᠷᠤᠯᠴᠠᠵᠤ  ᠰᠤᠷᠤᠯᠭ᠎ᠠ ᠵᠢᠨ‌‍ᠴᠢᠭᠯᠡᠯ ᠢᠶᠠᠨ ᠲᠣᠳᠣᠷᠬᠠᠢ ᠪᠣᠯᠭᠠᠵᠤ᠂ ᠲᠠᠷᠢᠬᠢ ᠲᠣᠯᠣᠭᠠᠢ ᠪᠠᠨ ᠵᠡᠪᠰᠡᠭᠯᠡᠵᠦ᠂ ᠲᠤᠭ ᠳᠠᠯᠪᠠᠭ᠎ᠠ ᠪᠠᠷ ᠵᠠᠮᠴᠢᠯᠠᠵᠤ᠂ ᠦᠵᠡᠯ ᠰᠠᠨᠠᠭ᠎ᠠ ᠪᠠᠷ ᠬᠦᠳᠦᠯᠦᠨ ᠳᠠᠭᠠᠭᠤᠯᠤᠨ᠎ᠠ︔  ᠰᠢᠤᠢ ᠱᠦᠢ‌ᠦᠵᠡᠮᠵᠢ ᠶᠢᠨ ᠣᠷᠣᠨ ᠳᠤ ᠶᠠᠪᠠᠭᠠᠨ ᠢᠶᠠᠷ ᠠᠭᠤᠯᠠ ᠠᠪᠠᠷᠢᠵᠤ ᠬᠤᠭ ᠨᠣᠪᠰᠢ ᠶᠢ ᠴᠡᠪᠡᠷᠯᠡᠬᠦ ︽ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠵᠤ ᠪᠣᠬᠢᠷᠲᠤᠯ ᠦᠭᠡᠢ ᠬᠥᠭᠵᠢᠯᠲᠡ ᠶᠢ ᠬᠠᠮᠲᠤᠪᠠᠷ ᠡᠳ᠋ᠯᠡᠶ᠎ᠡ︾ ᠭᠡᠬᠦ ᠭᠤᠣᠯ ᠰᠡᠳᠦᠪᠲᠦ  ᠠᠵᠢᠯᠯᠠᠭ᠎ᠠ ᠶᠢ ᠥᠷᠨᠢᠭᠦᠯᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ  ᠲᠠᠪᠲᠠᠨ ᠪᠤᠳᠤᠯᠬᠢᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠳᠣᠲᠣᠭᠠᠳᠤ ᠳᠠᠭᠠᠨ ᠰᠢᠩᠭᠡᠭᠡᠵᠦ᠂ ᠦᠵᠡᠰᠬᠦᠯᠡᠩᠲᠦ ᠰᠠᠶᠢᠬᠠᠨ ᠵᠠᠯᠠᠨ ᠬᠤᠳᠠ ᠢ ᠪᠦᠳᠦᠭᠡᠨ ᠪᠠᠶᠢᠭᠤᠯᠬᠤ ᠣᠷᠭᠢᠯᠤᠮ᠎ᠠ ᠬᠠᠯᠠᠭᠤᠨ‌‍ᠰᠡᠳᠭᠢᠯ ᠢ ᠪᠣᠢ ᠪᠤᠯᠭᠠᠭᠰᠠᠨ ᠪᠠᠶᠢᠨ᠎ᠠ︔ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷᠴᠤᠳ ᠢ ᠲᠣᠬᠤᠨᠢᠭᠤᠯᠬᠤ ᠠᠵᠢᠯᠯᠠᠭ᠎ᠠ ᠨᠢ ᠬᠠᠶᠢᠷ᠎ᠠ ᠬᠠᠯᠠᠮᠵᠢ ᠶᠢ ᠨᠡᠮᠡᠭᠳᠡᠭᠦᠯᠵᠦ᠂ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠰᠠᠨᠠᠭᠠᠰᠢᠷᠠᠯ ᠢ ᠢᠯᠡᠷᠡᠭᠦᠯᠪᠡ︔ ᠬᠦᠴᠦᠷᠬᠡᠭ ᠤᠯᠤᠰ ᠤᠨ ᠰᠤᠷᠤᠯᠴᠠᠯᠭ᠎ᠠ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠶᠢ ᠰᠤᠷᠤᠯᠴᠠᠵᠤ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠨᠠᠰᠤᠨ ᠲᠤᠷᠰᠢᠳᠠ ᠰᠤᠷᠤᠯᠴᠠᠬᠤ ᠣᠶᠢᠯᠠᠭᠠᠭᠳᠠᠬᠤᠨ ᠢ ᠪᠤᠢ ᠪᠣᠯᠭᠠᠨ᠎ᠠ︔ ᠰᠡᠳᠬᠢᠴᠡ ᠶᠢᠨ ᠥᠷᠭᠡᠵᠢᠯ ᠪᠦᠯᠬᠦᠮ ᠤᠨ ᠪᠠᠶᠢᠭᠤᠯᠤᠯᠲᠠ ᠶᠢᠨ ᠠᠵᠢᠯᠯᠠᠭ᠎ᠠ ᠨᠢ ᠳᠠᠷᠤᠭᠠᠰᠤ ᠶᠢ ᠬᠥᠩᠭᠡᠷᠡᠭᠦᠯᠵᠦ᠂ ᠪᠡᠶ᠎ᠡ ᠰᠡᠳᠬᠢᠯ ᠢ ᠪᠠᠶᠠᠰᠬᠠᠨ᠎ᠠ᠃       ᠴᠥᠬᠦᠷᠡᠰᠢ ᠦᠭᠡᠢ ᠬᠠᠷᠠᠴᠠ ᠡᠭᠦᠷᠢᠳᠡ ᠤᠷᠤᠭᠰᠢᠯᠠᠵᠤ᠂ ᠡᠷᠡᠯᠬᠡᠭᠯᠡᠨ ᠤᠷᠤᠭᠰᠢᠯᠠᠬᠤ ᠠᠯᠬᠤᠭ᠎ᠠ ᠡᠭᠦᠷᠢᠳᠡ ᠵᠤᠬᠰᠤᠰᠢ ᠦᠭᠡᠢ᠃ ᠲᠣᠰ ᠤᠳᠠᠭᠠᠨ ᠤ ᠨᠠᠮ ᠪᠠᠶᠢᠭᠤᠯᠤᠭᠳᠠᠭᠰᠠᠨ 102 ᠵᠢᠯ ᠤᠨ ᠣᠶ ᠶᠢ ᠪᠡᠯᠡᠭᠯᠡᠬᠦ ᠰᠢᠷᠢᠰ ᠠᠵᠢᠯᠯᠠᠭ᠎ᠠ ᠶᠢᠨ ᠭᠤᠤᠯ ᠰᠡᠳᠦᠪ ᠨᠢ ᠲᠣᠪᠤᠶᠢᠮ᠎ᠠ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠪᠠᠶᠢᠵᠤ᠂ ᠪᠥᠬᠦ ᠪᠠᠭᠰᠢ ᠠᠵᠢᠯᠲᠠᠳ ᠢ ᠬᠥᠮᠦᠵᠢᠭᠦᠯᠦᠨ ᠵᠢᠯᠣᠭᠤᠳᠬᠤ ᠳᠠᠭᠠᠨ ︽ᠨᠠᠮ ᠤᠨ ᠠᠴᠢ ᠶᠢ ᠣᠶᠢᠯᠠᠭᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠳᠤᠮᠳᠠ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠳᠠᠶᠢᠴᠢᠨ ᠪᠠᠬᠢᠯᠡᠯᠲᠡ ᠶᠢ ᠪᠠᠲᠤᠳᠬᠠᠭᠰᠠᠨ ᠮᠥᠷᠲᠡᠭᠡᠨ ᠨᠠᠮ ᠤᠨ ᠭᠡᠰᠢᠭᠦᠨ ᠤ ᠬᠦᠴᠦᠨ ᠢ ᠨᠢᠭᠲᠠᠷᠠᠭᠤᠯᠵᠤ᠂ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠴᠤᠭ ᠰᠦᠯᠳᠡ ᠶᠢ ᠨᠠᠩ ᠬᠥᠪᠴᠢᠯᠡᠭᠰᠡᠨ ᠪᠠᠶᠢᠨ᠎ᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ