ᠤᠩᠰᠢᠭᠴᠢ ᠸᠠᠩ ᠠᠪᠤᠭᠠᠶ ᠨᠣᠮ ᠤᠨ ᠰᠠᠩ ᠳᠤ ᠣᠷᠣᠨ ᠨᠤᠲᠤᠭ ᠤᠨ ᠰᠤᠷᠪᠤᠯᠵᠢ ᠪᠢᠴᠢᠭ ᠪᠡᠯᠡᠭᠯᠡᠵᠡᠶ
ᠨᠡᠶᠢᠲᠡᠯᠡᠭᠰᠡᠨ ᠴᠠᠭ᠄
2023/7/5
      6 ᠰᠠᠷ᠎ᠠ ᠶᠢᠨ 29       ᠤ ᠡᠳᠦᠷ᠂ ᠸᠠᠩ ᠠᠪᠤᠭᠠᠶ ᠨᠣᠮ ᠤᠨ ᠰᠠᠩ ᠳᠤ ᠣᠷᠣᠵᠤ ᠢᠷᠡᠭᠡᠳ᠂ ᠨᠣᠮ ᠤᠨ ᠰᠠᠩ ᠤᠨ ᠠᠵᠢᠯᠲᠠᠨ ᠢ ᠡᠷᠢᠵᠦ ᠣᠴᠢᠭᠠᠳ᠄ ︽ᠪᠢ ᠡᠳᠡᠭᠡᠷ ᠨᠣᠮ ᠢ ᠬᠤᠳᠠᠯᠳᠤᠬᠤ ᠠᠴᠠ ᠰᠠᠯᠵᠤ ᠶᠠᠳᠠᠵᠤ ᠪᠠᠶᠢᠨ᠎ᠠ᠂ ᠬᠤᠳᠠᠯᠳᠤᠭᠰᠠᠨ ᠴᠤ ᠳᠡᠮᠡᠶ ᠦᠨ᠎ᠡ ᠬᠦᠷᠬᠦ ᠦᠭᠡᠶ᠂ ᠪᠢ ᠡᠳᠡᠭᠡᠷ ᠨᠣᠮ ᠢ ᠨᠡᠩ ᠣᠯᠠᠨ ᠬᠥᠮᠦᠨ ᠳᠤ ᠦᠵᠡᠭᠦᠯᠬᠦ ᠶᠢ ᠪᠤᠳᠤᠵᠤ ᠪᠠᠶᠢᠨ᠎ᠠ︾ ᠭᠡᠪᠡ᠃ ᠡᠨᠡ ᠡᠭᠡᠯ ᠪᠣᠷᠣᠭᠵᠢᠭᠤᠨ ᠦᠭᠡ ᠬᠡᠯᠡ ᠨᠢ ᠬᠠᠷᠢᠨ ᠮᠠᠰᠢ ᠶᠡᠭᠡ ᠤᠳᠬ᠎ᠠ ᠠᠭᠤᠯᠭ᠎ᠠ ᠶᠢ ᠠᠴᠢᠶᠠᠯᠠᠵᠤ ᠪᠠᠶᠢᠨ᠎ᠠ ᠃       ᠸᠠᠩ ᠠᠪᠤᠭᠠᠶ ᠬᠤᠲᠠ ᠶᠢᠨ ᠨᠣᠮ ᠤᠨ ᠰᠠᠩ  ᠳᠤ 50 ᠭᠠᠷᠤᠶ ᠣᠷᠣᠨ ᠨᠤᠲᠤᠭ ᠤᠨ ᠰᠤᠷᠪᠤᠯᠵᠢ ᠪᠢᠴᠢᠭ ᠢ ᠪᠡᠯᠡᠭᠯᠡᠵᠡᠶ᠃ ᠪᠡᠯᠡᠭᠯᠡᠨ ᠬᠦᠷᠭᠡᠭᠰᠡᠨ ᠨᠣᠮ ᠪᠢᠴᠢᠭ ᠨᠢ ᠸᠠᠩ ᠠᠪᠤᠭᠠᠶ ᠶᠢᠨ ᠨᠣᠮ ᠪᠢᠴᠢᠭ ᠤᠩᠰᠢᠬᠤ ᠬᠠᠯᠠᠭᠤᠨ ᠬᠠᠶᠢᠷ᠎ᠠ ᠪᠠ ᠬᠤᠪᠢ ᠨᠡᠮᠡᠷᠢ ᠶᠢ ᠨᠢᠭᠲᠠᠷᠠᠭᠤᠯᠤᠭᠰᠠᠨ ᠪᠠᠶᠢᠨ᠎ᠠ᠃ ᠡᠭᠦᠨ ᠠᠴᠠ ᠰᠡᠭᠦᠯᠡᠷ ᠪᠡᠯᠡᠭᠯᠡᠨ ᠬᠦᠷᠭᠡᠭᠰᠡᠨ ᠨᠣᠮ ᠪᠢᠴᠢᠭ ᠨᠢ ᠨᠣᠮ ᠤᠨ ᠰᠠᠩ ᠤᠨ ᠬᠠᠳᠠᠭᠠᠯᠠᠮᠵᠢ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠨᠣᠮ ᠤᠨ ᠰᠠᠩ ᠤᠨ ᠰᠤᠷᠪᠤᠯᠵᠢ ᠪᠢᠴᠢᠭ ᠤᠨ ᠡᠬᠢ ᠪᠠᠶᠠᠯᠢᠭ ᠢ ᠳᠡᠯᠭᠡᠷᠡᠭᠦᠯᠬᠦ ᠳᠤ ᠢᠳᠡᠪᠬᠢᠲᠡᠶ ᠵᠢᠱᠢᠶ᠎ᠡ  ᠦᠵᠡᠭᠦᠯᠬᠦ ᠪᠣᠯᠤᠨ᠎ᠠ᠃ ᠮᠠᠨ ᠤ ᠣᠷᠳᠣᠨ ᠪᠡᠯᠡᠭᠯᠡᠭᠰᠡᠨ ᠨᠣᠮ ᠢᠶᠠᠨ ᠰᠠᠶᠢᠲᠤᠷ ᠬᠠᠳᠠᠭᠠᠯᠠᠵᠤ᠂᠂ ᠰᠠᠶᠢᠲᠤᠷ ᠠᠰᠢᠭᠯᠠᠵᠤ᠂ ᠨᠡᠩ ᠤᠯᠠᠨ ᠤᠩᠰᠢᠭᠴᠢᠳ ᠲᠤ ᠠᠰᠢᠭ ᠬᠦᠷᠲᠡᠭᠡᠨ᠎ᠡ᠃       ᠮᠠᠨ ᠤ ᠣᠷᠳᠣᠨ ᠪᠡᠯᠡᠭᠯᠡᠨ ᠬᠦᠷᠭᠡᠭᠴᠢ ᠸᠠᠩ ᠠᠪᠤᠭᠠᠶ ᠳᠤ ᠪᠡᠯᠡᠭᠯᠡᠨ ᠬᠦᠷᠭᠡᠭᠰᠡᠨ ᠦᠨᠡᠮᠯᠡᠯ ᠣᠯᠭᠤᠭᠰᠠᠨ ᠪᠥᠭᠡᠳ ᠮᠠᠨ ᠤ ᠣᠷᠳᠣᠨ ᠤ ᠳᠤᠷᠠᠰᠬᠠᠯ ᠤᠨ ᠪᠡᠯᠡᠭ᠂ ᠪᠣᠷᠣᠭᠠᠨ ᠤ ᠰᠢᠬᠦᠷ ᠵᠡᠷᠭᠡ ᠡᠳᠦᠷ ᠲᠤᠳᠤᠮ ᠤᠨ ᠬᠡᠷᠡᠭᠯᠡᠭᠡᠨ ᠤ ᠵᠦᠢᠯ ᠢ ᠬᠦᠷᠭᠡᠵᠦ ᠥᠭᠭᠦᠭᠰᠡᠨ ᠪᠦᠭᠡᠳ ᠲᠠᠯᠠᠷᠬᠠᠵᠤ ᠪᠠᠶᠢᠬᠤ ᠪᠠᠨ ᠢᠯᠡᠳᠬᠡᠵᠡᠶ᠃ ᠡᠭᠦᠨ ᠤ ᠬᠠᠮᠲᠤ ᠸᠠᠩ ᠠᠪᠤᠭᠠᠶ ᠶᠢᠨ ᠡᠨᠡ ᠬᠦ ᠭᠤᠶᠠᠴᠢ ᠦᠭᠡᠶ ᠵᠢᠳᠬᠦᠬᠦ ᠪᠠ ᠨᠣᠮ ᠪᠢᠴᠢᠭ ᠤᠩᠰᠢᠬᠤ ᠬᠠᠯᠠᠭᠤᠨ ᠬᠠᠶᠢᠷ᠎ᠠ ᠶᠢ ᠪᠢᠰᠢᠷᠡᠨ ᠬᠦᠨᠳᠦᠳᠬᠡᠳᠡᠭ᠃  ᠡᠭᠦᠨ ᠡᠴᠡ‌ᠬᠤᠵᠢᠮ  ᠨᠣᠮ ᠤᠨ ᠰᠠᠩ ᠠᠴᠠ  ᠦᠢᠯᠡᠴᠢᠯᠡᠬᠦ ᠶᠢ ᠲᠡᠷᠢᠭᠦᠨ ᠳᠤ ᠲᠠᠯᠪᠢᠬᠤ ᠵᠣᠷᠢᠯᠲᠠ ᠪᠠ ᠵᠠᠷᠴᠢᠮ ᠢ ᠪᠠᠷᠢᠮᠲᠠᠯᠠᠨ ᠤᠩᠰᠢᠭᠴᠢᠳ ᠲᠤ ᠨᠡᠩ ᠰᠠᠶᠢᠨ ᠦᠢᠯᠡᠴᠢᠯᠡᠵᠦ᠂ ᠨᠣᠮ ᠤᠩᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠬᠤ ᠪᠣᠯᠤᠨ᠎ᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ