ᠵᠠᠯᠠᠨ ᠠᠶᠢᠯ ᠬᠤᠲᠠ ᠶᠢᠨ 2022 ᠣᠨ ᠤ ᠠᠰᠠᠷᠠᠮᠵᠢ ᠶᠢᠨ ᠰᠤᠭᠤᠯᠤᠭ᠎ᠠ ᠵᠢᠨ‌ᠨᠡᠶᠢᠲᠡ ᠵᠢᠨ‌ᠠᠰᠠᠷᠠᠮᠵᠢ ᠶᠢᠨ ᠮᠥᠩᠭᠦ  ᠶᠢᠨ ᠬᠡᠷᠡᠭᠯᠡᠯᠲᠡ ᠶᠢᠨ ᠪᠠᠶᠢᠳᠠᠯ ᠤᠨ ᠠᠯᠪᠠᠨ ᠵᠠᠷ
ᠨᠡᠶᠢᠲᠡᠯᠡᠭᠰᠡᠨ ᠴᠠᠭ᠄
2023/7/5
      2022 ᠣᠨ ᠳᠤ᠂ ᠬᠥᠯᠥᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠵᠠᠯᠠᠨ ᠠᠶᠢᠯ ᠬᠤᠲᠠ ᠶᠢᠨ ᠠᠰᠠᠷᠠᠮᠵᠢ ᠶᠢᠨ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 770.33 ᠲᠦᠮᠡᠨ ᠲᠥᠭᠦᠷᠢᠭ ᠪᠠᠭᠤᠯᠭᠠᠵᠤ᠂ ᠭᠤᠤᠯᠳᠠᠭᠤ ᠨᠠᠰᠤᠲᠠᠶᠢᠴᠤᠳ ᠤᠨ ᠠᠰᠠᠷᠠᠮᠵᠢ ᠶᠢᠨ ᠲᠥᠷᠥᠯ᠂ ᠵᠡᠮᠳᠡᠭᠴᠦᠳ ᠤᠨ ᠠᠰᠠᠷᠠᠮᠵᠢ ᠶᠢᠨ ᠲᠥᠷᠥᠯ᠂ ᠬᠡᠤᠬᠡᠳ ᠤᠨ ᠠᠰᠠᠷᠠᠮᠵᠢ ᠶᠢᠨ ᠲᠥᠷᠥᠯ ᠤᠨ ᠲᠥᠷᠥᠯ ᠵᠤᠶᠢᠯ᠂ ᠨᠡᠶᠢᠭᠡᠮ ᠤᠨ ᠠᠰᠠᠷᠠᠮᠵᠢ ᠶᠢᠨ ᠲᠥᠷᠥᠯ ᠤᠨ ᠲᠥᠷᠥᠯ ᠵᠤᠶᠢᠯ  ᠳᠤ ᠬᠡᠷᠡᠭᠯᠡᠨ᠎ᠡ᠃ ︽ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠲᠦᠷᠢᠮ︾᠂ ︽ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠶᠡᠷᠦᠩᠬᠡᠶᠢᠯᠡᠭᠰᠡᠨ ︹ 2021 ︺ 18 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2022 ᠣᠨ ᠤ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠬᠡᠷᠡᠭᠯᠡᠭᠰᠡᠨ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄      2022 ᠣᠨ ᠳᠤ ᠮᠠᠨ ᠤ ᠬᠤᠲᠠ ᠶᠢᠨ ᠠᠰᠠᠷᠠᠮᠵᠢ ᠶᠢᠨ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 770.33 ᠲᠦᠮᠡᠨ ᠲᠥᠭᠦᠷᠢᠭ ᠪᠠᠭᠤᠯᠭᠠᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠦᠭᠡᠳ᠂ ᠲᠤᠬᠠᠶ ᠶᠢᠨ ᠵᠢᠯ ᠳᠤ ᠪᠣᠳᠠᠲᠠᠶ 185.33 ᠲᠦᠮᠡᠨ ᠲᠥᠭᠦᠷᠢᠭ ᠰᠠᠯᠭᠠᠨ ᠥᠭᠴᠡᠶ᠃ ᠵᠢᠯ ᠤᠨ ᠡᠴᠦᠰ ᠤᠨ ᠦᠯᠡᠳᠡᠪᠦᠷᠢ ᠲᠤᠭ᠎ᠠ ᠨᠢ 585 ᠲᠦᠮᠡᠨ ᠲᠥᠭᠦᠷᠢᠭ ᠪᠣᠯᠤᠨ᠎ᠠ᠃ᠨᠢᠭᠡ ᠂ ᠨᠠᠰᠤᠲᠠᠶᠢᠴᠤᠳ ᠤᠨ ᠠᠰᠠᠷᠠᠮᠵᠢ ᠶᠢᠨ ᠲᠥᠷᠥᠯ ᠵᠦᠶᠯ ᠦᠨ ᠪᠠᠶᠢᠳᠠᠯ      ᠨᠠᠰᠤᠲᠠᠶᠢᠴᠤᠳ ᠤᠨ ᠠᠰᠠᠷᠠᠮᠵᠢ ᠶᠢᠨ ᠲᠥᠷᠥᠯ ᠤᠨ ᠲᠥᠷᠥᠯ  ᠵᠤᠶᠢᠯ ᠳᠤ 91.33 ᠲᠦᠮᠡᠨ ᠲᠥᠭᠦᠷᠢᠭ ᠰᠢᠯᠵᠢᠭᠦᠯᠦᠨ ᠥᠭᠪᠡ᠃ ᠡᠭᠦᠨ ᠳᠤ ᠭᠤᠤᠯᠳᠠᠭᠤ ᠨᠡᠶᠢᠭᠡᠮ ᠤᠨ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠷᠣ ᠶᠢᠨ ᠨᠥᠬᠦᠪᠥᠷᠢ᠂ ᠨᠢᠭᠡ ᠯᠡ ᠤᠳᠠᠭ᠎ᠠ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ᠂ ᠨᠡᠶᠢᠭᠡᠮ ᠤᠨ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠥᠬᠦᠪᠥᠷᠢ ᠪᠠ ᠣᠶᠤᠨᠴᠢ ᠪᠠᠷ ᠴᠠᠬᠢᠯᠭᠠᠨ ᠬᠡᠷᠡᠭᠯᠡᠬᠦ ᠲᠥᠷᠥᠯ ᠵᠤᠶᠢᠯ ᠳᠤ ᠬᠡᠷᠡᠭᠯᠡᠨ᠎ᠡ᠂ ᠡᠭᠦᠨ ᠳᠤ᠄ ᠨᠡᠶᠢᠭᠡᠮ ᠤᠨ ᠡᠷᠭᠢᠯᠡᠭᠰᠡᠨ 2 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠢᠭᠡ ᠯᠡ ᠤᠳᠠᠭ᠎ᠠ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠪᠠᠯᠠ ᠮᠥᠩᠭᠦ 11.7 ᠲᠦᠮᠡᠨ ᠲᠥᠭᠦᠷᠢᠭ᠂ ᠨᠡᠶᠢᠭᠡᠮ ᠠᠴᠠ ᠡᠷᠭᠢᠯᠡᠭᠰᠡᠨ 22 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠪᠡᠳᠴᠢᠲᠡᠨ ᠤ ᠣᠷᠣ ᠶᠢᠨ ᠨᠥᠬᠦᠪᠥᠷᠢ ᠶᠢᠨ ᠪᠠᠯᠠ ᠮᠥᠩᠭᠦ 45.28 ᠲᠦᠮᠡᠨ ᠲᠥᠭᠦᠷᠢᠭ ᠪᠠᠶᠢᠵᠤ᠂ ᠨᠡᠶᠢᠭᠡᠮ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠥᠬᠦᠪᠥᠷᠢ ᠳᠤ 18.75 ᠲᠦᠮᠡᠨ ᠲᠥᠭᠦᠷᠢᠭ ᠬᠡᠷᠡᠭᠯᠡᠨ᠎ᠡ︔ ᠣᠶᠤᠨᠴᠢ ᠪᠠᠷ ᠬᠡᠷᠡᠭᠯᠡᠬᠦ ᠴᠠᠬᠢᠯᠭᠠᠨ ᠤ ᠲᠥᠷᠥᠯ ᠵᠤᠶᠢᠯ  ᠳᠤ 15.6 ᠲᠦᠮᠡᠨ ᠲᠥᠭᠦᠷᠢᠭ ᠬᠡᠷᠡᠭᠯᠡᠨ᠎ᠡ᠃ ᠨᠡᠶᠢᠭᠡᠮ ᠤᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ ᠬᠤᠶᠠᠷ᠂ ᠬᠡᠤᠬᠡᠳ ᠤᠨ ᠠᠰᠠᠷᠠᠮᠵᠢ ᠶᠢᠨ ᠲᠥᠷᠥᠯ ᠤᠨ ᠲᠥᠷᠥᠯ ᠵᠤᠶᠢᠯ ᠤᠨ ᠪᠠᠶᠢᠳᠠᠯ      ᠬᠡᠤᠬᠡᠳ ᠤᠨ ᠠᠰᠠᠷᠠᠮᠵᠢ ᠶᠢᠨ ᠲᠥᠷᠥᠯ ᠤᠨ ᠲᠥᠷᠥᠯ ᠵᠤᠶᠢᠯ ᠳᠤ 84 ᠲᠦᠮᠡᠨ ᠲᠥᠭᠦᠷᠢᠭ ᠰᠠᠯᠭᠠᠨ ᠥᠭᠭᠦᠨ᠎ᠡ᠃ ᠡᠭᠦᠨ ᠳᠤ᠄ ᠥᠨᠥᠴᠢᠨ ᠬᠡᠤᠬᠡᠳ ᠤᠨ ᠰᠤᠷᠤᠯᠭ᠎ᠠ ᠶᠢ ᠲᠡᠳᠬᠦᠬᠦ ᠪᠠᠯᠠ ᠮᠥᠩᠭᠦ 4 ᠲᠦᠮᠡᠨ ᠲᠥᠭᠦᠷᠢᠭ  ᠬᠡᠷᠡᠭᠯᠡᠵᠦ᠂ ᠪᠥᠬᠦ ᠬᠤᠲᠠ ᠶᠢᠨ ᠡᠩ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ᠂ ᠲᠤᠰᠬᠠᠶ ᠮᠡᠷᠭᠡᠵᠢᠯ ᠤᠨ ᠰᠤᠷᠭᠠᠭᠤᠯᠢ ᠳᠤ ᠰᠢᠯᠭᠠᠭᠤᠯᠤᠨ ᠤᠷᠤᠭᠰᠠᠨ 4 ᠥᠨᠥᠴᠢᠨ ᠬᠡᠤᠬᠡᠳ ᠵᠢᠴᠢ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠢ ᠲᠡᠳᠬᠦᠨ ᠲᠤᠰᠠᠯᠠᠵᠤ᠂ ᠲᠡᠳᠡᠨ ᠢ ᠬᠠᠪᠰᠤᠷᠤᠨ ᠰᠤᠷᠤᠯᠭ᠎ᠠ ᠶᠢ ᠨᠢ ᠤᠷᠤᠭᠰᠢᠲᠠᠶ ᠲᠡᠭᠦᠰᠬᠡᠬᠦ ᠳᠤ ᠬᠡᠷᠡᠭᠯᠡᠨ᠎ᠡ︔ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠳᠤ 80 ᠲᠦᠮᠡᠨ ᠲᠥᠭᠦᠷᠢᠭ‌‍ᠬᠡᠷᠡᠭᠯᠡᠨ᠎ᠡ᠃ᠭᠤᠷᠪᠠ᠂ ᠨᠡᠶᠢᠭᠡᠮ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠲᠥᠷᠥᠯ ᠵᠤᠶᠢᠯ ᠤᠨ ᠪᠠᠶᠢᠳᠠᠯ      ᠨᠡᠶᠢᠭᠡᠮ ᠲᠣᠭᠤᠷᠢᠭ ᠤᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ  ᠦᠢᠯᠡᠴᠢᠯᠡᠭᠡᠨ ᠤ ᠲᠥᠷᠥᠯ ᠵᠤᠶᠢᠯ ᠳᠤ 10 ᠲᠦᠮᠡᠨ ᠲᠥᠭᠦᠷᠢᠭ ᠰᠠᠯᠭᠠᠨ ᠥᠭᠪᠡ᠃ ᠴᠠᠢ ᠾᠧ ᠪᠠᠯᠭᠠᠰᠤ ᠶᠢᠨ ᠴᠤᠤᠯ‌ᠨᠡᠶᠢᠭᠡᠮ ᠲᠣᠭᠤᠷᠢᠭ ᠤᠨ ᠪᠥᠳᠥᠭᠡᠨ ᠪᠠᠶᠢᠭᠤᠯᠤᠯᠲᠠ  ᠳᠤ ᠬᠡᠷᠡᠭᠯᠡᠨ᠎ᠡ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ