ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ  ᠠᠴᠠ︽ᠲᠠᠯ᠎ᠠ ᠨᠤᠲᠤᠭ ᠲᠤ ᠦᠨᠳᠦᠰᠦᠯᠡᠵᠦ ᠨᠠᠮ ᠢᠶᠠᠨ ᠪᠤᠳᠤᠵᠤ᠂ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠰᠢᠨ᠎ᠡ ᠭᠠᠪᠢᠶ᠎ᠠ ᠪᠠᠶᠢᠭᠤᠯᠬᠤ︾ — 2023 ᠣᠨ ᠤ ᠪᠦᠬᠦ ᠣᠷᠣᠨ ᠤ ᠤᠯᠠᠭᠠᠨᠮᠥ᠋ᠴᠢᠷ ᠤᠨ ᠠᠵᠢᠯᠯᠠᠭ᠎ᠠ ᠶᠢᠨ ᠰᠠᠷ᠎ᠠ ᠶᠢᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/5
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠣᠶ ᠶᠢ ᠪᠡᠯᠡᠭᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠥᠯᠥᠭᠡ᠂6 ᠰᠠᠷ᠎ᠠ ᠶᠢᠨ 30        ᠤ ᠡᠳᠦᠷ ᠤᠨ ᠦᠳᠡ ᠶᠢᠨ ᠡᠮᠦᠨ᠎ᠡ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠮᠥᠬᠦᠴᠢ ᠪᠠᠯᠭᠠᠰᠤᠨ ᠳᠤ ᠢᠷᠡᠵᠦ ︽ᠲᠠᠯ᠎ᠠ ᠨᠤᠲᠤᠭ ᠲᠤ ᠦᠨᠳᠦᠰᠦᠯᠡᠵᠦ ᠨᠠᠮ ᠢᠶᠠᠨ ᠪᠤᠳᠤᠵᠤ᠂ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠰᠢᠨ᠎ᠡ ᠭᠠᠪᠢᠶ᠎ᠠ ᠪᠠᠶᠢᠭᠤᠯᠬᠤ︾ — 2023 ᠣᠨ ᠤ ᠪᠥᠬᠦ ᠣᠷᠣᠨ ᠤ ᠤᠯᠠᠭᠠᠨᠮᠥ᠋ᠴᠢᠷ ᠤᠨ ᠠᠵᠢᠯᠯᠠᠭ᠎ᠠ ᠶᠢᠨ ᠰᠠᠷ᠎ᠠ ᠶᠢᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠭᠠᠨᠮᠥ᠋ᠴᠢᠷ ᠤᠨ ᠭᠡᠰᠢᠭᠦᠳ ᠡᠴᠡ ᠳᠠᠭᠤᠤ ᠪᠥᠵᠢᠭ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾᠂ ︽ᠬᠥᠬᠡᠮᠳᠦᠭ ᠠᠭᠤᠯᠠ ᠬᠥᠬᠡᠮᠳᠦᠭ ᠤᠰᠤ︾᠂ ᠮᠤᠷᠢᠨ ᠬᠤᠭᠤᠷ ︽ᠲᠦᠮᠡᠨ ᠠᠭᠲᠠ ᠶᠢᠨ ᠳᠠᠪᠬᠢᠭ᠎ᠠ︾ ᠵᠡᠷᠭᠡ ᠰᠣᠳᠣᠨ ᠤᠷᠠᠨ ᠰᠠᠶᠢᠬᠠᠨ ᠤ ᠲᠣᠭᠯᠠᠯᠲᠠ ᠶᠢ ᠦᠷᠨᠢᠭᠦᠯᠵᠦ᠂ᠲᠣᠭᠯᠠᠯᠲᠠ ᠨᠢ  ᠠᠶ᠎ᠠᠳᠠᠭᠤᠤ ︽ᠠᠶᠠᠯᠠᠯ ᠤᠨ ᠵᠠᠮᠴᠢᠯᠠᠭ᠎ᠠ︾ ᠶᠢᠨ ᠳᠤᠮᠳᠠ ᠲᠡᠭᠦᠰ ᠠᠮᠵᠢᠯᠲᠠ ᠲᠠᠢ  ᠦᠨᠲᠦᠷᠯᠡᠭᠰᠡᠨ ᠪᠠᠢᠨ᠎ᠠ ᠃ ᠨᠠᠶᠢᠷᠠᠯ ᠳᠠᠭᠤᠤ ᠶᠢᠨ ᠳᠤᠮᠳᠠ ᠪᠦᠬᠦ ᠲᠠᠯᠠᠪᠠᠢ ᠶᠢᠨ ᠦᠵᠡᠭᠴᠢᠳ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠲᠠᠬᠢᠨ ᠡᠷᠭᠢᠴᠡᠭᠦᠯᠬᠦ ᠶᠢ ᠬᠦᠳᠦᠯᠥᠨ ᠳᠠᠭᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃       ᠲᠤᠰ ᠤᠳᠠᠭᠠᠨ ᠤ ᠲᠤᠭᠯᠠᠯᠲᠠ ᠨᠢᠣᠯᠠᠨ ᠲᠦᠮᠡᠨ ᠳᠤ ᠨᠢᠭᠡ‌ᠤᠳᠠᠭᠠᠨ ‍ᠤ‌‍ᠰᠣᠶᠣᠯ ‍ᠤᠨ‌ᠦᠪᠡᠳᠡᠭᠰᠢ‌‍ᠲ᠋ᠠᠶᠢᠯᠠᠯᠭ᠎ᠠ ᠶᠢ ᠰᠣᠨᠢᠷᠬᠠᠭᠤᠯᠬᠤ ᠶᠢᠨ ᠬᠠᠮᠲᠤ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ ︽ᠠᠨᠠᠷ ᠤᠨ ᠦᠷ᠎ᠡ ᠶᠢᠨ ᠰᠠᠶᠢᠨ ᠳᠤᠷ᠎ᠠ ᠶᠢᠨ  ᠦᠢᠯᠡᠴᠢᠯᠡᠭᠡᠨ ᠤ ᠠᠩᠭᠢ︾  ᠡᠴᠡᠥᠷᠭᠡᠨ ᠣᠯᠠᠨ ᠰᠠᠭᠤᠭᠠᠯᠢ ᠠᠷᠠᠳ ᠲᠤ ᠨᠠᠮ ᠤᠨ ᠲᠡᠤᠬᠡ ᠶᠢᠨ ᠲᠤᠬᠠᠶ ᠮᠡᠳᠡᠯᠭᠡ᠂ ᠦᠨᠳᠦᠰᠦᠲᠡᠨ ᠤ ᠪᠦᠯᠬᠦᠮᠳᠡᠯ᠂ ᠭᠠᠵᠢᠭᠤ ᠨᠣᠮᠯᠠᠯ ᠢ ᠡᠰᠡᠷᠭᠦᠴᠡᠬᠦ᠂ ᠬᠠᠤᠯᠢ ᠲᠦᠭᠡᠮᠡᠯᠵᠢᠭᠦᠯᠬᠦ ᠲᠥᠷᠥ ᠶᠢᠨ ᠪᠣᠳᠣᠯᠭ᠎ᠠ ᠪᠠ ᠮᠥᠩᠭᠦᠨ ᠭᠦᠢᠯᠭᠡᠨ ᠤ ᠲᠤᠬᠠᠶ ᠮᠡᠳᠡᠯᠭᠡ ᠶᠢ ᠲᠠᠶᠢᠯᠪᠤᠷᠢᠯᠠᠨ  ᠦᠭᠬᠥ ᠶᠢᠨ  ᠬᠠᠮᠲᠤ ᠣᠯᠠᠨ ᠲᠦᠮᠡᠨ ᠳᠤ ᠤᠬᠠᠭᠤᠯᠭ᠎ᠠ ᠶᠢᠨ ᠵᠢᠷᠤᠭᠲᠤ ᠳᠡᠪᠲᠡᠷ᠂ ᠭᠠᠷ ᠤᠭᠤᠲᠠ᠂ ᠴᠠᠭᠠᠰᠤ ᠰᠤᠭᠤᠯᠬᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠶ ᠬᠤᠪᠢ ᠲᠠᠷᠬᠠᠭᠠᠵᠤ᠂ ᠰᠠᠭᠤᠭᠠᠯᠢ ᠠᠷᠠᠳ ᠲᠤ ᠪᠠᠶᠠᠷ ᠪᠠᠶᠠᠰᠬᠤᠯᠠᠩ ᠲᠠᠢ ᠡᠶ᠎ᠡ ᠨᠠᠶᠢᠷᠠᠮᠳᠠᠭᠤᠠᠭᠤᠷ ᠠᠮᠢᠰᠬᠤᠯ ᠤᠨ ᠳᠤᠮᠳᠠ ᠠᠴᠠ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠮᠡᠳᠡᠯᠭᠡ ᠶᠢ ᠣᠶᠢᠯᠠᠭᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠰᠡᠳᠬᠢᠯᠭᠡ ᠶᠢ ᠬᠠᠮᠲᠤ ᠪᠠᠷ  ᠦᠷᠨᠢᠭᠦᠯᠵᠦ᠂ ᠦᠨᠳᠦᠰᠦᠲᠡᠨ ᠤ ᠨᠠᠮ ᠢᠶᠠᠨ ᠬᠠᠶᠢᠷᠠᠯᠠᠬᠤ ᠴᠤᠭ ᠠᠶᠠᠰ ᠢ  ᠪᠢᠴᠢᠭᠯᠡᠭᠰᠡᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃       ᠳᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ ᠤᠨ ᠬᠢᠨ ᠬᠤᠪᠢᠰᠬᠠᠯ ᠤᠨ ᠦᠵᠡᠯ ᠰᠠᠨᠠᠭ᠎ᠠ ᠶᠢᠦᠷᠭᠦᠯᠵᠢᠯᠡᠨ ᠤᠯᠠᠮᠵᠢᠯᠠᠵᠤ᠂ ᠲᠡᠮᠡᠴᠡᠯ ᠤᠨ ᠣᠮᠤᠭ ᠵᠣᠷᠢᠭ ᠢ ᠬᠥᠭᠵᠢᠭᠡᠵᠦ᠂ ᠨᠠᠮ ᠤᠨ ᠠᠭᠤᠤ ᠶᠡᠭᠡ ᠲᠡᠮᠡᠴᠡᠯ ᠤᠨ ᠲᠡᠦᠬᠡᠨ ᠶᠠᠪᠤᠴᠠ ᠠᠴᠠ ᠦᠷᠭᠦᠯᠵᠢᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠢ ᠣᠯᠵᠤ᠂ ᠨᠡᠩ ᠴᠤᠭ ᠪᠠᠳᠠᠷᠠᠩᠭᠤᠢ ᠲᠦᠷᠢ ᠲᠥᠷᠬᠦ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ   ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠨ᠎ᠡ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ