ᠶᠠᠯᠦ ᠭᠤᠣᠯ ᠢᠶᠠᠷ ᠵᠤᠭᠠᠴᠠᠬᠤ ᠶᠢ ᠪᠡᠶᠡᠴᠢᠯᠡᠨ ᠣᠶᠢᠯᠠᠭᠠᠵᠤ᠂ ᠵᠠᠯᠠᠨ ᠠᠶᠢᠯ ᠬᠤᠳᠠ ᠳᠤ ᠰᠡᠳᠡᠯᠲᠡ ᠥᠭᠴᠦ 2023 ᠣᠨ ᠤ ᠶᠠᠯᠦ ᠭᠤᠣᠯ ᠤᠨ ᠬᠥᠪᠦᠮᠡᠯ ᠤᠯᠠᠷᠢᠯ ᠤᠨ ᠠᠵᠢᠯᠯᠠᠭ᠎ᠠ ᠶᠢ ᠡᠬᠢᠯᠡᠭᠦᠯᠵᠡᠢ
ᠨᠡᠶᠢᠲᠡᠯᠡᠭᠰᠡᠨ ᠴᠠᠭ᠄
2023/8/1
      ᠵᠤᠨ ᠤ ᠳᠡᠯᠭᠡᠷ ᠤᠯᠠᠷᠢᠯ ᠪᠣᠯ ᠶᠠᠭ ᠰᠠᠶᠢᠬᠠᠨ ᠤᠰᠤᠨ ᠳᠤ ᠬᠦᠪᠦᠯᠵᠡᠨ ᠵᠤᠭᠠᠴᠠᠬᠤ ᠰᠠᠶᠢᠬᠠᠨ ᠴᠠᠭ ᠮᠥᠨ᠂ ᠵᠤᠭᠠᠴᠠᠭᠰᠠᠳ ᠠᠭᠤᠯᠠᠨ ᠤᠢ ᠪᠠᠷ ᠴᠢᠯᠥᠭᠡᠲᠡᠶ ᠰᠦᠯᠵᠢᠯᠳᠦᠵᠦ᠂ ᠥᠨᠳᠥᠷ ᠠᠭᠤᠯᠠ ᠭᠤᠣᠯ ᠤᠨ ᠬᠥᠨᠳᠡᠶ ᠪᠠᠷ ᠵᠤᠭᠠᠴᠠᠨ ᠨᠠᠭᠠᠳᠬᠤ ᠳᠤᠷᠠᠲᠠᠶ᠂ ᠡᠬᠡ ᠪᠠᠶᠢᠭᠠᠯᠢ ᠠᠴᠠ ᠢᠷᠡᠭᠰᠡᠨ ᠦᠵᠡᠰᠬᠦᠯᠡᠩᠲᠦ ᠰᠠᠶᠢᠬᠠᠨ ᠭᠠᠶᠢᠬᠠᠮᠰᠢᠭᠲᠤ ᠰᠦᠷᠯᠢᠭ  ᠪᠠᠶᠢᠳᠠᠯ ᠢ ᠣᠶᠢᠯᠠᠭᠠᠬᠤ ᠳᠤᠷᠠᠲᠠᠶ ᠪᠠᠶᠢᠳᠠᠭ᠃ 6 ᠰᠠᠷ᠎ᠠ ᠶᠢᠨ 18      ᠤ ᠡᠳᠦᠷ᠂ ᠨᠠᠨ ᠮᠦ ᠣᠷᠣᠨ ᠤ ᠦᠨᠳᠦᠰᠦᠲᠡᠨ ᠤ ᠰᠢᠶᠠᠩ ᠤᠨ ᠬᠢᠨ ᠶᠠᠯᠦ ᠭᠤᠣᠯ ᠤᠨ ᠬᠦᠪᠦᠯᠲᠡ ᠶᠢᠨ ᠤᠯᠠᠷᠢᠯ ᠤᠨ ᠠᠵᠢᠯᠯᠠᠭ᠎ᠠ ᠥᠷᠨᠢᠭᠦᠯᠵᠦ᠂ ᠮᠠᠰᠢ ᠤᠯᠠᠨ ᠬᠤᠳᠠ ᠶᠢᠨ ᠠᠷᠠᠳ ᠵᠢᠴᠢ ᠡᠷᠬᠢᠨ ᠲᠣᠭᠤᠷᠢᠨ ᠤ ᠵᠤᠭᠠᠴᠠᠭᠰᠠᠳ ᠤᠨ ᠰᠣᠨᠢᠷᠬᠠᠯ ᠢ ᠲᠠᠲᠠᠪᠠ᠃      ᠰᠤᠷᠪᠤᠯᠵᠢᠯᠠᠭᠴᠢ ᠯᠦ ᠮᠢᠩ ᠵᠤᠰᠠᠯᠠᠩ ᠳᠤ ᠣᠯᠵᠤ ᠦᠵᠡᠭᠰᠡᠨ ᠨᠢ᠂ ᠵᠤᠭᠠᠴᠠᠭᠰᠠᠳ ᠡᠯᠳᠡᠪ ᠥᠩᠭᠡ ᠶᠢᠨ ᠭᠤᠮ ᠣᠩᠭᠤᠴᠠᠨ ᠳᠤ ᠰᠠᠭᠤᠵᠤ᠂ ᠶᠠᠯᠦ ᠭᠤᠤᠯ ᠳᠤ ᠬᠠᠨᠲᠠᠯ᠎ᠠ ᠨᠠᠭᠠᠳᠴᠤ᠂ ᠭᠤᠮ ᠣᠩᠭᠤᠴᠠ ᠳᠠᠪᠠᠯᠭᠠᠯᠠᠨ ᠳᠠᠪᠠᠯᠭᠠᠯᠠᠭᠰᠠᠨ ᠤᠰᠤᠨ ᠳᠠᠪᠠᠯᠭᠠᠨ ᠳᠤ ᠵᠡᠭᠦᠨᠰᠢ ᠪᠠᠷᠠᠭᠤᠨᠰᠢ ᠮᠥᠷᠭᠦᠵᠦ᠂ ᠶᠠᠭ ᠯᠠ ᠤᠰᠤᠨ ᠳᠣᠲᠣᠷᠠᠬᠢ ᠮᠥᠷᠭᠦᠯᠳᠦᠬᠦ ᠲᠡᠷᠭᠡ ᠰᠢᠭ ᠪᠣᠯᠵᠣ᠂ ᠵᠢᠭᠤᠯᠴᠢᠯᠠᠭᠴᠢᠳ ᠤᠨ ᠲᠠᠭᠤ ᠲᠠᠭᠤᠨ ᠢ ᠬᠥᠭᠵᠢᠭᠡᠨ᠂ ᠳᠠᠪᠠᠯᠭᠠᠯᠠᠨ ᠨᠢᠰᠬᠦ ᠣᠩᠭᠤᠴᠠ ᠶᠢᠨ ᠳᠠᠪᠠᠯᠭᠠᠯᠠᠨ ᠳᠠᠪᠠᠯᠭᠠᠯᠠᠬᠤ ᠶᠢ ᠠᠭᠤᠵᠢᠷᠠᠲᠠᠯ᠎ᠠ ᠥᠩᠭᠡᠷᠡᠭᠦᠯᠵᠦ᠂ ᠰᠡᠯᠢᠭᠦᠷ ᠢᠶᠠᠨ ᠬᠠᠩᠭᠢᠨᠠᠲᠠᠯ᠎ᠠ ᠬᠤᠷᠦ᠋ᠢᠯᠵᠠᠭᠤᠯᠤᠨ᠂ ᠠᠯᠤᠰ ᠬᠤᠯᠠ ᠶᠢᠨ ᠦᠢᠮᠡᠭᠡᠨ ᠢᠶᠠᠷ ᠣᠶ ᠰᠢᠭᠤᠶ ᠳᠤ ᠪᠤᠴᠠᠨ ᠢᠷᠡᠵᠦ᠂ ᠠᠭᠤᠯᠠ ᠬᠥᠳᠡᠭᠡ ᠠᠴᠠ ᠣᠶᠢᠷᠠᠬᠠᠨ ᠦᠨᠡᠨ ᠪᠠᠶᠢᠳᠠᠯ ᠳᠠᠭᠠᠨ ᠪᠤᠴᠠᠨ ᠢᠷᠡᠵᠦ᠂ ᠠᠶᠤᠯ ᠲᠦᠭᠰᠢᠭᠦᠷᠢᠲᠡᠶ ᠪᠠᠶᠠᠷ ᠴᠡᠩᠭᠡᠯ ᠢ ᠡᠳ᠋ᠯᠡᠨ᠎ᠡ᠂ ᠡᠭᠦᠨ ᠤ ᠳᠣᠲᠣᠷ᠎ᠠ ᠠᠴᠠ ᠵᠢᠷᠭᠠᠵᠤ ᠴᠡᠩᠭᠡᠯᠳᠦᠬᠦ ᠶᠢ ᠬᠦᠰᠡᠵᠦ ᠪᠠᠶᠢᠯ᠎ᠠ᠂ ᠡᠭᠦᠨ ᠤ ᠳᠣᠲᠣᠷ᠎ᠠ ᠠᠴᠠ ᠵᠤᠭᠠᠴᠠᠭᠰᠠᠳ ᠤᠨ ᠰᠡᠳᠬᠢᠯ ᠢ ᠠᠭᠤᠵᠢᠷᠠᠲᠠᠯ᠎ᠠ ᠰᠣᠨᠢᠷᠬᠠᠭᠤᠯᠵᠤ ᠪᠠᠶᠢᠯ᠎ᠠ᠃ ᠨᠠᠭᠠᠳᠴᠤ  ᠪᠠᠶᠠᠷᠯᠠᠬᠤ ᠶᠢᠨ ᠳᠠᠭᠠᠤ ᠵᠤᠭᠠᠴᠠᠭᠰᠠᠳ ᠪᠠᠰᠠ ᠬᠤᠶᠠᠷ ᠬᠥᠪᠡᠭᠡᠨ ᠤ ᠭᠤᠶᠤ ᠦᠵᠡᠮᠵᠢ ᠶᠢ ᠰᠣᠨᠢᠷᠬᠠᠪᠠ᠃ ᠵᠤᠭ᠎ᠠ ᠨᠠᠷᠭᠢᠶᠠᠨ ᠲᠠᠢ ᠪᠠᠷ ᠵᠤᠭᠠᠴᠠᠬᠤ ᠶᠢᠨ ᠳᠠᠭᠠᠤ ᠳᠤ ᠬᠤᠶᠠᠷ ᠬᠥᠪᠡᠭᠡᠨ ᠤ ᠭᠤᠶᠤ ᠦᠵᠡᠮᠵᠢ ᠶᠢ ᠰᠣᠨᠢᠷᠬᠠᠨ᠎ᠠ  ᠃ ᠬᠥᠮᠦᠰ ᠤᠰᠤᠨ ᠳᠤ ᠬᠥᠪᠦᠨ᠂  ᠡᠭᠦᠯᠡ ᠶᠢ ᠲᠠᠭᠠᠨ ᠵᠢᠷᠦᠬᠡᠰᠢᠶᠡᠵᠦ᠂ ᠶᠠᠯᠦ ᠮᠥᠷᠡᠨ ᠳᠤ ᠰᠡᠳᠬᠢᠯ ᠳᠣᠭᠳᠣᠯᠤᠨ᠂ ᠵᠤᠭᠠᠴᠠᠭᠰᠠᠳ ᠢ ᠤᠷᠤᠰᠬᠠᠯ ᠳᠤᠮᠳᠠ ᠠᠴᠠ ᠰᠡᠯᠡᠭᠦᠴᠡᠯ ᠤᠨ ᠴᠠᠭ  ᠢ ᠦᠩᠭᠡᠷᠡᠭᠦᠯᠵᠦ᠂ ᠰᠡᠯᠡᠭᠦᠴᠡᠯ ᠤᠨ ᠳᠤᠮᠳᠠ ᠡᠷᠡᠭᠦᠯ ᠮᠡᠨᠳᠦ ᠨᠠᠭᠠᠳᠴᠤ᠂ ᠡᠷᠡᠭᠦᠯ ᠮᠡᠨᠳᠦ ᠶᠢᠨ ᠳᠤᠮᠳᠠ ᠠᠮᠢᠳᠤᠷᠠᠯ ᠤᠨ ᠬᠠᠪᠤ ᠴᠡᠩᠭᠡᠯ ᠢ ᠡᠳ᠋ᠯᠡᠭᠦᠯᠦᠨ᠎ᠡ᠃      ᠣᠶᠢᠷ᠎ᠠ ᠶᠢᠨ ᠵᠢᠯ ᠠᠴᠠ ᠨᠠᠰᠢ᠂ ᠨᠠᠨ ᠮᠦ ᠶᠢᠨ  ᠣᠷᠣᠨ‌‍ᠤ ᠦᠨᠳᠦᠰᠦᠲᠡᠨ ᠤ ᠰᠢᠶᠠᠩ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ᠂ ᠮᠥᠰᠥ ᠴᠠᠰᠤᠨ ᠳᠤ ᠬᠤᠴᠢᠭᠳᠠᠭᠰᠠᠨ ᠭᠠᠵᠠᠷ ᠴᠤ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠵᠠᠯᠠᠨ ᠠᠶᠢᠯ ᠤᠨ ᠬᠤᠲᠠ ᠶᠢᠨ ᠠᠷᠠᠳ ᠤᠨ ᠵᠠᠩ ᠳᠠᠳᠬᠠᠯ ᠤᠨ ᠵᠢᠭᠤᠯᠴᠢᠯᠠᠯ ᠤᠨ ᠬᠥᠭᠵᠢᠯᠲᠡ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠶᠠᠯᠦ ᠭᠤᠤᠯ ᠤᠨ ᠬᠥᠪᠪᠥᠨ ᠤᠷᠤᠰᠬᠤ ᠥᠪᠡᠷᠮᠢᠴᠡ ᠣᠨᠴᠠᠯᠢᠭ ᠪᠥᠬᠦᠶ ᠲᠠᠲᠠᠬᠤ ᠬᠦᠴᠦᠨ ᠳᠤ ᠲᠦᠰᠢᠭᠯᠡᠨ᠂ ︽ᠤᠮᠠᠷᠠᠲᠤ ᠣᠷᠣᠨ ᠤ ᠨᠢᠭᠡᠳᠦᠭᠡᠷ ᠬᠥᠪᠪᠥᠯᠲᠡ︾ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠳᠠᠬᠢᠨ ᠱᠤᠭᠤᠵᠤ᠂ ᠯᠦ ᠮᠢᠩ ᠱᠠᠨ ᠲᠣᠰᠬᠤᠨ᠂ ᠱᠢ ᠹᠦᠤᠤ ᠱᠠᠨ ᠦᠵᠡᠮᠵᠢ ᠶᠢᠨ ᠣᠷᠣᠨ ᠵᠡᠷᠭᠡ ᠦᠵᠡᠮᠵᠢ ᠶᠢᠨ ᠣᠷᠣᠨ  ᠤ ᠭᠥᠯᠢᠶᠡᠨ ᠠᠪᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠢᠭᠤᠯᠴᠢᠯᠠᠯ ᠬᠢᠭᠡᠳ ᠠᠷᠠᠳ ᠤᠨ ᠵᠠᠩ  ᠦᠢᠯᠡ‌‍ᠶᠢᠨ ᠰᠣᠶᠣᠯ᠂ ᠡᠷᠡᠭᠦᠯᠵᠢᠯ ᠰᠤᠪᠢᠯᠠᠯᠲᠠ ᠵᠡᠷᠭᠡ ᠠᠵᠤ  ᠦᠢᠯᠡᠰ‌‍ᠤᠨ ᠠᠭᠤᠰᠤᠯᠴᠠᠨ ᠬᠥᠭᠵᠢᠬᠦ ᠶᠢ ᠲᠠᠰᠤᠷᠠᠯᠲᠠ ᠥᠬᠡᠶ ᠠᠬᠢᠭᠤᠯᠵᠤ᠂ ︽ᠵᠢᠭᠤᠯᠴᠢᠯᠠᠯ +︾ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ ᠢ ᠲᠦᠷᠭᠡᠳᠬᠡᠨ ᠪᠣᠶ ᠪᠣᠯᠭᠠᠨ᠎ᠠ᠃      ᠵᠤᠨ ᠤ ᠤᠯᠠᠷᠢᠯ ᠤᠨ ᠠᠭᠤᠷ ᠠᠮᠢᠰᠬᠤᠯ ᠲᠠᠭᠠᠯᠠᠮᠵᠢᠲᠠᠢ᠂ ᠦᠵᠡᠰᠬᠦᠯᠡᠩᠲᠦ ᠰᠠᠶᠢᠬᠠᠨ ᠦᠵᠡᠮᠵᠢ ᠲᠠᠢ ᠶᠠᠯᠦ ᠭᠤᠣᠯ ᠤᠨ ᠤᠰᠤᠨ ᠣᠷᠣᠨ ᠨᠢ ᠬᠦᠪᠦᠯᠲᠡ ᠶᠢᠨ ᠠᠵᠢᠯᠯᠠᠭ᠎ᠠ ᠳᠤ ᠰᠠᠶᠢᠨ ᠰᠠᠶᠢᠬᠠᠨ ᠨᠥᠬᠦᠴᠡᠯ ᠢ ᠬᠠᠩᠭᠠᠵᠤ᠂ ᠵᠤᠰᠠᠯᠠᠩ ᠤᠨ ᠭᠠᠵᠠᠷ ᠪᠠ ᠭᠡᠷ ᠤᠨ ᠭᠠᠳᠠᠨᠠᠬᠢ ᠲᠠᠮᠢᠷ ᠤᠨ ᠰᠡᠯᠡᠭᠦᠴᠡᠯ ᠤᠨ ᠠᠷᠢᠭᠤᠨ ᠣᠷᠣᠨ ᠪᠤᠯᠵᠤ᠂ ᠤᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠥᠷᠭᠡᠨ ᠤᠯᠠᠨ ᠵᠤᠭᠠᠴᠠᠭᠰᠠᠳ ᠲᠤ ᠠᠳᠠᠯᠢ ᠪᠤᠰᠤ ᠵᠤᠭᠠᠴᠠᠯ ᠤᠨ ᠣᠶᠢᠯᠠᠭᠠᠯᠲᠠ ᠶᠢ ᠠᠪᠴᠢᠷᠠᠵᠤ ᠥᠭᠴᠡᠢ᠃ ᠵᠠᠯᠠᠨ ᠠᠶᠢᠯ ᠬᠤᠳᠠ ᠶᠢᠨ ᠬᠢᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠪᠣᠯᠤᠨ ᠵᠤᠭᠠᠴᠠᠭᠰᠠᠳ ᠤᠨ ᠤᠯᠠᠨ ᠡᠰᠢᠴᠢᠯᠡᠭᠰᠡᠨ ᠪᠡᠶᠡᠴᠢᠯᠡᠨ ᠣᠶᠢᠯᠠᠭᠠᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠬᠥᠭᠵᠢᠯᠲᠡ ᠶᠢᠨ ᠰᠢᠨ᠎ᠡ ᠵᠠᠮ ᠢ ᠡᠷᠢᠯᠬᠢᠯᠡᠵᠦ᠂ ᠵᠠᠩ ᠦᠢᠯᠡ ᠶᠢᠨ ᠵᠤᠭᠠᠴᠠᠯ ᠤᠨ ᠦᠢᠯᠡᠰ ᠤᠨ ᠲᠦᠷᠦᠯ ᠳᠡᠮᠳᠡᠭᠴᠢᠯᠡᠬᠦ᠂ ᠣᠨᠴᠠᠯᠢᠬᠵᠢᠬᠤ ᠲᠡᠰᠢ ᠬᠥᠭᠵᠢᠬᠦ ᠶᠢ ᠢᠳᠡᠪᠬᠢᠲᠡᠢ ᠠᠬᠢᠭᠤᠯᠤᠨ᠎ᠠ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ