︽ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠪᠤᠴᠠᠭᠠᠬᠤ ᠬᠠᠮᠢᠶᠠᠷᠤᠯᠲᠠ ᠶᠢᠨ ᠲᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/1
ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠠᠭᠤᠭ᠎ᠠ ᠬᠠᠮᠢᠶ᠎ᠠ ᠪᠥᠬᠦᠶ ᠨᠢᠭᠡᠴᠡ ᠳᠤ᠄      ︽ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠪᠤᠴᠠᠭᠠᠬᠤ ᠬᠠᠮᠢᠶᠠᠷᠤᠯᠲᠠ ᠶᠢᠨ ᠲᠦᠷᠢᠮ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃                                                        2023 ᠣᠨ ᠤ 5 ᠰᠠᠷ᠎ᠠ ᠶᠢᠨ 11 ᠤ ᠡᠳᠤᠷ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶      ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠪᠤᠴᠠᠭᠠᠬᠤ ᠬᠠᠮᠢᠶᠠᠷᠤᠯᠲᠠ ᠶᠢᠨ ᠳᠦᠷᠢᠮ      ᠠᠯᠪᠠᠨ ᠪᠢᠴᠢᠭ ᠰᠢᠢᠳᠪᠦᠷᠢᠯᠡᠬᠦ‌‍ᠲ᠋ᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠤᠯᠪᠣᠭᠳᠠᠯ ᠪᠥᠬᠦᠶ ᠲᠣᠭᠲᠠᠭᠠᠯ ᠢ ᠨᠠᠩ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠪᠠᠨ ᠪᠢᠴᠢᠭ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠯᠪᠠᠨ ᠪᠢᠴᠢᠭ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ ᠲᠣᠰ ᠲᠦᠷᠢᠮ ᠢ ᠲᠣᠭᠲᠠᠭᠠᠪᠠ᠃      ᠨᠢᠭᠡ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠭᠰᠡᠨ ᠠᠯᠪᠠᠨ ᠪᠢᠴᠢᠭ ︵ᠵᠠᠰᠠᠭ ᠤᠨ ᠣᠷᠳᠣᠨ ᠢ ᠣᠷᠣᠯᠠᠨ ᠲᠤᠭᠤᠷᠪᠢᠭᠰᠠᠨ ᠡᠬᠡ ᠪᠢᠴᠢᠭ ᠢ ᠪᠠᠭᠲᠠᠭᠠᠨ᠎ᠠ︶ ᠨᠢ ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠪᠢᠴᠢᠭ ᠢ ᠠᠵᠢᠯ ᠤᠨ ᠲᠦᠷᠢᠮ︾ ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠪᠢᠴᠢᠭ ᠤᠨ ᠵᠠᠭᠪᠤᠷ︾ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠪᠢᠴᠢᠭ ᠢ ᠰᠢᠢᠳᠪᠦᠷᠢᠯᠡᠬᠦ ᠬᠤᠯᠪᠣᠭᠳᠠᠯ ᠪᠥᠬᠦᠶ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠬᠦ ᠥᠬᠡᠶ ᠪᠦᠬᠦᠨ ᠢ ᠠᠯᠪᠠᠨ ᠪᠢᠴᠢᠭ ᠢ ᠪᠤᠴᠠᠭᠠᠬᠤ ᠰᠢᠢᠳᠪᠦᠷᠢᠯᠡᠯᠲᠡ ᠬᠢᠨ᠎ᠠ᠃      ᠬᠤᠶᠠᠷ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠲᠠᠰᠤᠭ᠂ ᠨᠠᠷᠢᠨ ᠪᠢᠴᠢᠭ ᠤᠨ ᠲᠠᠰᠤᠭ ᠨᠢ ᠡᠯ᠎ᠡ ᠰᠠᠯᠠᠭ᠎ᠠ ᠮᠥᠴᠢᠷ ᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠭᠰᠡᠨ ᠵᠠᠰᠠᠭ ᠤᠨ ᠣᠷᠳᠣᠨ ᠢ ᠣᠷᠣᠯᠠᠨ ᠲᠤᠭᠤᠷᠪᠢᠭᠰᠠᠨ ᠡᠬᠡ ᠪᠢᠴᠢᠭ ᠢ ᠴᠢᠩᠭ᠎ᠠ ᠬᠢᠨᠠᠨ ᠬᠠᠷᠭᠤᠭᠤᠯᠵᠤ ᠪᠣᠭᠤᠮᠲᠠ ᠶᠢ ᠴᠢᠩᠭ᠎ᠠ ᠠᠳᠬᠤᠵᠤ᠂ ᠪᠢᠴᠢᠭ ᠮᠠᠲ᠋ᠧᠷᠢᠶᠠᠯ ᠶᠠᠪᠤᠭᠤᠯᠬᠤ ᠲᠦᠷᠢᠮ᠂ ᠪᠢᠴᠢᠭ ᠮᠠᠲ᠋ᠧᠷᠢᠶᠠᠯ ᠤᠨ ᠲᠥᠷᠥᠯ ᠤᠨ ᠬᠡᠷᠡᠭᠯᠡᠯᠲᠡ᠂ ᠠᠭᠤᠯᠭ᠎ᠠ ᠶᠢᠨ ᠴᠢᠬᠤᠯᠠ ᠨᠥᠬᠦᠴᠡᠯ᠂ ᠵᠠᠭᠪᠤᠷ ᠤᠨ ᠵᠢᠷᠤᠮᠵᠢᠯ ᠵᠡᠷᠭᠡ ᠲᠠᠯ᠎ᠠ ᠶᠢ ᠭᠤᠤᠯᠳᠠᠯᠭ᠎ᠠ ᠲᠠᠢ ᠬᠢᠨᠠᠨ ᠬᠠᠷᠭᠤᠭᠤᠯᠵᠤ᠂ ︽ᠭᠡᠮ ᠲᠠᠢ ᠠᠯᠪᠠᠨ ᠪᠢᠴᠢᠭ︾ ᠢ ᠬᠢᠨᠠᠨ ᠭᠠᠷ ᠤᠨ ᠥᠰᠥᠭ ᠵᠢᠷᠤᠬᠤ ᠭᠤᠭᠴᠤᠭ᠎ᠠ ᠳᠤ ᠣᠷᠣᠭᠤᠯᠬᠤ ᠶᠢ ᠡᠷᠡᠰ ᠬᠤᠷᠢᠭᠯᠠᠬᠤ ᠬᠡᠷᠡᠭᠲᠡᠶ᠃      ᠭᠤᠷᠪᠠ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ  ‍ᠤᠨ‌ᠠᠯᠪᠠᠨ ᠪᠢᠴᠢᠭ ᠰᠢᠢᠳᠪᠦᠷᠢᠯᠡᠬᠦ ᠠᠵᠢᠯ  ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠯᠪᠠᠨ ᠪᠢᠴᠢᠭ‌‍ᠰᠢᠢᠳᠪᠦᠷᠢᠯᠡᠬᠦ‌ᠡᠯ᠎ᠡ ᠵᠦᠢᠯ  ᠤᠨ ᠲᠥᠷᠢᠮ ᠲᠣᠭᠲᠠᠭᠠᠯ  ᠶᠢ ᠪᠠᠶᠢᠭᠤᠯᠤᠨ ᠪᠥᠷᠢᠨᠰᠢᠬᠦᠯᠵᠤ᠂ ᠠᠯᠪᠠᠨ ᠭᠡᠷ ᠠᠴᠠ ᠠᠯᠪᠠᠨ ᠪᠢᠴᠢᠭ ‍ᠤᠨ‌‍ᠬᠡᠪ ᠵᠠᠭᠪᠤᠷ ᠬᠢᠭᠡᠳ ᠠᠯᠪᠠᠨ ᠪᠢᠴᠢᠭ ᠶᠠᠪᠤᠭᠤᠯᠬᠤ ᠵᠢᠷᠤᠮᠵᠢᠯ ᠶᠢ ᠨᠢᠭᠡᠳᠦᠯᠲᠡᠶ ᠬᠢᠨᠠᠨ ᠬᠠᠷᠭᠤᠭᠤᠯᠵᠤ᠂ ᠪᠣᠯᠪᠠᠰᠤᠷᠠᠩᠭᠤᠶ ᠪᠤᠰᠤ ᠪᠢᠴᠢᠭ ᠮᠠᠲ᠋ᠧᠷᠢᠶᠠᠯ ᠵᠢ‌ᠮᠡᠳᠡᠭᠦᠯᠬᠦ ᠥᠭᠡᠢ᠂ ᠬᠢᠷᠢ ᠲᠡᠩᠴᠡᠬᠦ ᠥᠭᠡᠢ ᠪᠢᠴᠢᠭ ᠮᠠᠲ᠋ᠧᠷᠢᠶᠠᠯ ᠶᠢ ᠶᠠᠪᠤᠭᠤᠯᠬᠤ ᠥᠭᠡᠢ ᠪᠠᠶᠢᠬᠤ ᠬᠡᠷᠡᠭᠲᠡᠶ᠃      ᠳᠥᠷᠪᠡ᠂ ᠪᠢᠴᠢᠭ ᠮᠠᠲ᠋ᠧᠷᠢᠶᠠᠯ ᠤᠨ ᠴᠠᠬᠢᠯᠭᠠᠨ ᠮᠡᠳᠡᠭᠡ ᠶᠢᠨ ᠲᠠᠰᠤᠭ᠂ ᠨᠠᠷᠢᠨ ᠪᠢᠴᠢᠭ ᠤᠨ ᠲᠠᠰᠤᠭ ᠨᠢ ᠪᠢᠴᠢᠭ ᠮᠠᠲ᠋ᠧᠷᠢᠶᠠᠯ ᠢ ᠪᠤᠴᠠᠭᠠᠬᠤ ᠮᠡᠳᠡᠭᠳᠡᠯ ᠤᠨ ᠬᠠᠭᠤᠳᠠᠰᠤ ᠶᠢᠨ ᠬᠡᠯᠪᠡᠷᠢ ᠪᠠᠷ ᠪᠢᠴᠢᠭ ᠮᠠᠲ᠋ᠧᠷᠢᠶᠠᠯ ᠢ ᠪᠤᠴᠠᠭᠠᠭᠰᠠᠨ ᠰᠢᠯᠲᠠᠭᠠᠨ᠂ ᠤᠴᠢᠷ ᠰᠢᠯᠲᠠᠭᠠᠨ ᠪᠠ ᠵᠠᠰᠠᠪᠤᠷᠢ ᠣᠷᠣᠭᠤᠯᠤᠭᠰᠠᠨ ᠰᠠᠨᠠᠯ ᠢᠶᠠᠨ ᠴᠠᠭ ᠲᠤᠬᠠᠶ ᠳᠤᠨᠢ ᠪᠢᠴᠢᠭ ᠮᠠᠲ᠋ᠧᠷᠢᠶᠠᠯ ᠤᠨ ᠨᠢᠭᠡᠴᠡ ᠵᠢᠴᠢ ᠲᠡᠭᠦᠨ ᠤ ᠭᠤᠤᠯ ᠬᠠᠷᠢᠭᠤᠴᠠᠯᠭᠠᠲᠠᠨ ᠨᠥᠬᠦᠳ ᠲᠤ ᠬᠠᠷᠢᠭᠤ ᠲᠤᠰᠬᠠᠬᠤ ᠬᠡᠷᠡᠭᠲᠡᠶ᠃ ᠳᠠᠬᠢᠨ ᠮᠡᠳᠡᠭᠦᠯᠬᠦ ᠴᠢᠬᠤᠯᠠ ᠲᠠᠢ ᠪᠣᠯ᠂ ᠮᠡᠳᠡᠭᠦᠯᠬᠦ ᠨᠢᠭᠡᠴᠡ ᠨᠢ ᠱᠠᠭᠠᠷᠳᠠᠯᠭ᠎ᠠ ᠶᠣᠰᠣᠭᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ ᠴᠠᠭ ᠲᠤᠬᠠᠶ ᠳᠤᠨᠢ ᠳᠠᠬᠢᠨ ᠮᠡᠳᠡᠭᠦᠯᠦᠨ ᠬᠦᠷᠭᠡᠵᠦ᠂ ᠣᠬᠤᠷ ᠬᠤᠭᠤᠴᠠᠭᠠᠨ ᠤ ᠳᠣᠲᠣᠷ᠎ᠠ ᠳᠠᠬᠢᠨ ᠮᠡᠳᠡᠭᠦᠯᠦᠨ ᠬᠦᠷᠭᠡᠵᠦ ᠳᠡᠶᠢᠯᠬᠦ ᠥᠬᠡᠶ ᠪᠣᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠲᠤ ᠪᠢᠴᠢᠭ ᠤᠨ ᠲᠣᠳᠣᠷᠬᠠᠶᠢᠯᠠᠯᠲᠠ ᠬᠢᠬᠦ ᠬᠡᠷᠡᠭᠲᠡᠶ᠃ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡᠨ ᠤ ᠲᠠᠰᠤᠭ᠂ ᠨᠠᠷᠢᠨ ᠪᠢᠴᠢᠭ ᠤᠨ ᠲᠠᠰᠤᠭ ᠤᠨ ᠬᠢᠨ ᠪᠠᠴᠢᠮ ᠪᠠ ᠴᠢᠬᠤᠯᠠ ᠬᠡᠷᠡᠭ ᠶᠠᠪᠤᠳᠠᠯ ᠢ ᠮᠥᠷᠳᠡᠨ ᠪᠠᠶᠢᠴᠠᠭᠠᠵᠤ ᠰᠢᠢᠳᠪᠦᠷᠢᠯᠡᠬᠦ ᠬᠡᠷᠡᠭᠲᠡᠶ᠃      ᠲᠠᠪᠤ᠂ ᠪᠢᠴᠢᠭ ᠴᠠᠬᠢᠯᠭᠠᠨ ᠮᠡᠳᠡᠭᠡ ᠶᠢᠨ ᠲᠠᠰᠤᠭ᠂ ᠨᠠᠷᠢᠨ ᠪᠢᠴᠢᠭ ᠤᠨ ᠲᠠᠰᠤᠭ ᠤᠨ ᠬᠢᠨ ᠠᠩᠬ᠎ᠠ ᠬᠢᠨᠠᠬᠤ ᠪᠣᠭᠤᠮᠲᠠ ᠶᠢ ᠴᠢᠩᠭ᠎ᠠ ᠠᠳᠬᠤᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠭᠰᠠᠨ ᠥᠬᠡᠶ ᠠᠴᠠ ᠪᠣᠯᠵᠣ ︽ᠠᠰᠠᠭᠤᠳᠠᠯ ᠲᠠᠢ ᠠᠯᠪᠠᠨ ᠪᠢᠴᠢᠭ︾ ᠢ ᠬᠢᠨᠠᠨ ᠭᠠᠷ ᠤᠨ ᠥᠰᠥᠭ ᠵᠢᠷᠤᠬᠤ ᠵᠠᠩᠭᠢᠯᠠᠭ᠎ᠠ ᠳᠤ ᠣᠷᠣᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠵᠢᠭᠠᠪᠤᠷᠢ ᠴᠣᠬᠤᠯᠠᠪᠤᠷᠢ ᠥᠭᠭᠦᠭᠰᠡᠨ ᠪᠠᠶᠢᠪᠠᠯ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ ᠬᠠᠮᠢᠶ᠎ᠠ ᠪᠥᠬᠦᠶ ᠰᠠᠯᠠᠭ᠎ᠠ ᠲᠠᠰᠤᠭ ᠢ ᠴᠤᠭᠯᠠᠭᠤᠯᠤᠨ ᠪᠤᠷᠤᠭᠤ ᠪᠠᠶᠢᠳᠠᠯ ᠢ ᠵᠠᠳᠠᠯᠵᠤ᠂ ᠬᠤᠯᠪᠣᠭᠳᠠᠯ ᠪᠥᠬᠦᠶ ᠪᠠᠶᠢᠳᠠᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠪᠢᠴᠢᠭ ᠢᠶᠠᠷ ᠮᠡᠳᠡᠭᠦᠯᠬᠦ ᠬᠡᠷᠡᠭᠲᠡᠶ︔ ᠬᠠᠮᠢᠶ᠎ᠠ ᠪᠥᠬᠦᠶ ᠰᠠᠯᠠᠭ᠎ᠠ ᠲᠠᠰᠤᠭ᠂ ᠮᠡᠳᠡᠭᠡᠨ ᠤ ᠪᠢᠴᠢᠭ ᠤᠨ ᠨᠢᠭᠡᠴᠡ ᠶᠢᠨ ᠬᠠᠮᠢᠶ᠎ᠠ ᠪᠥᠬᠦᠶ ᠠᠵᠢᠯᠲᠠᠨ ᠢ ᠮᠡᠳᠡᠭᠡᠯᠡᠬᠦ ᠬᠡᠷᠡᠭᠲᠡᠶ᠃      ᠵᠢᠷᠭᠤᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠴᠠᠬᠢᠯᠭᠠᠨ ᠮᠡᠳᠡᠭᠡ ᠶᠢᠨ ᠲᠠᠰᠤᠭ ᠠᠴᠠ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠭᠰᠡᠨ ᠠᠯᠪᠠᠨ ᠪᠢᠴᠢᠭ ︵ᠵᠠᠰᠠᠭ ᠤᠨ ᠣᠷᠳᠣᠨ ᠢ ᠣᠷᠣᠯᠠᠨ ᠲᠤᠭᠤᠷᠪᠢᠭᠰᠠᠨ ᠡᠬᠡ ᠪᠢᠴᠢᠭ ᠪᠠᠭᠲᠠᠨ᠎ᠠ︶ ᠲᠤ ᠣᠷᠣᠰᠢᠵᠤ ᠪᠠᠶᠢᠭ᠎ᠠ ᠠᠰᠠᠭᠤᠳᠠᠯ ᠢ ᠤᠯᠠᠷᠢᠯ ᠢᠶᠠᠷ ᠵᠠᠷᠯᠠᠨ ᠮᠡᠳᠡᠭᠳᠡᠨ᠎ᠡ᠃ ᠡᠭᠦᠨ ᠤ ᠬᠠᠮᠲᠤ᠂ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠠᠴᠠ ᠵᠣᠬᠢᠬᠤ ᠬᠤᠪᠢ ᠬᠠᠰᠤᠨ᠎ᠠ᠃ ᠳᠠᠭᠠᠯᠳᠤᠭᠤᠯᠤᠯ᠄ 1. ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠠᠯᠪᠠᠨ ᠪᠢᠴᠢᠭ ᠢ ᠭᠦᠢᠴᠡᠳᠭᠡᠬᠦ ᠨᠠᠵᠠᠭᠠᠶ ᠲᠠᠯ᠎ᠠ ᠶᠢᠨ ᠨᠠᠷᠢᠨ ᠲᠠᠩᠰᠠ      2. ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠭᠡᠷ ᠤᠨ ᠠᠯᠪᠠᠨ ᠪᠢᠴᠢᠭ ᠪᠤᠴᠠᠭᠠᠬᠤ ᠬᠠᠭᠤᠳᠠᠰᠤ
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ