2023 ᠣᠨ ᠤ ᠭᠤᠤᠯᠳᠠᠯᠭ᠎ᠠ ᠲᠠᠢ ᠪᠠᠶᠢᠴᠠᠭᠠᠨ ᠰᠤᠳᠤᠯᠬᠤ ᠰᠡᠳᠦᠪ ᠤᠨ ᠲᠣᠬᠢᠷᠠᠭᠤᠯᠤᠯᠲᠠ ᠶᠢ ᠳᠠᠷᠤᠮᠠᠯᠯᠠᠨ ᠶᠠᠪᠤᠭᠤᠯᠬᠤ ᠲᠤᠬᠠᠶ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/1
ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ ᠨᠢᠭᠡᠴᠡ ᠳᠤ᠄      ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠴᠢᠬᠤᠯᠠ ᠴᠣᠬᠤᠯᠠᠪᠤᠷᠢ ᠪᠣᠯᠤᠨ ᠲᠥᠪ ᠤᠨ ᠶᠡᠭᠡ ᠪᠠᠷ ᠬᠥᠭᠵᠢᠭᠦᠯᠬᠦ ᠪᠠᠶᠢᠴᠠᠭᠠᠨ ᠰᠤᠳᠤᠯᠤᠯᠲᠠ ᠶᠢᠨ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠠᠶᠢᠴᠠᠭᠠᠨ ᠰᠤᠳᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠠᠵᠢᠯ ᠤᠨ ᠪᠠᠷᠠᠭᠠᠯᠬᠢᠯᠠᠯᠳᠤ ᠴᠢᠨᠠᠷ᠂ ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ ᠢ ᠳᠡᠭᠡᠭᠰᠢᠯᠡᠭᠦᠯᠦᠨ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠰᠠᠶᠢᠲᠤᠷ ᠤᠶᠢᠯᠡᠴᠢᠯᠡᠨ᠎ᠡ᠃      ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ︽2023 ᠣᠨ ᠤ ᠭᠤᠤᠯᠳᠠᠯᠭ᠎ᠠ ᠲᠠᠢ ᠪᠠᠶᠢᠴᠠᠭᠠᠨ ᠰᠤᠳᠤᠯᠤᠯᠲᠠ ᠶᠢᠨ ᠰᠡᠳᠦᠪ ᠤᠨ ᠲᠣᠬᠢᠷᠠᠭᠤᠯᠤᠯᠲᠠ︾ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠶ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠠᠭᠰᠠᠨ ᠪᠠᠶᠢᠴᠠᠭᠠᠨ ᠰᠤᠳᠤᠯᠬᠤ ᠰᠡᠳᠦᠪ ᠤᠨ ᠶᠣᠰᠣᠭᠠᠷ ᠪᠠᠶᠢᠴᠠᠭᠠᠨ ᠰᠤᠳᠤᠯᠬᠤ ᠠᠵᠢᠯ ᠢᠶᠠᠨ ᠨᠠᠷᠢᠨ ᠬᠢᠨᠠᠮᠠᠭᠠᠶ ᠥᠷᠨᠢᠭᠦᠯᠬᠦ ᠶᠢ ᠬᠦᠰᠡᠵᠦ ᠪᠠᠶᠢᠨ᠎ᠠ᠃ ᠡᠳᠦᠭᠡ ᠬᠤᠯᠪᠣᠭᠳᠠᠯ ᠪᠥᠬᠦᠢ ᠱᠠᠭᠠᠷᠳᠠᠯᠭ᠎ᠠ ᠶᠢ ᠳᠣᠣᠷᠠᠬᠢ ᠮᠡᠲᠦ ᠮᠡᠳᠡᠭᠳᠡᠶ᠎ᠡ᠄      ᠪᠠᠶᠢᠴᠠᠭᠠᠨ ᠰᠤᠳᠤᠯᠤᠯᠲᠠ ᠬᠢᠬᠦ ᠪᠣᠯ ᠮᠠᠨ ᠤ ᠨᠠᠮ ᠤᠨ ᠤᠯᠠᠮᠵᠢᠯᠠᠯᠲᠤ ᠡᠷᠳᠡᠨᠢ ᠮᠥᠨ᠂ ᠪᠠᠶᠢᠴᠠᠭᠠᠨ ᠰᠤᠳᠤᠯᠤᠯᠲᠠ ᠬᠢᠬᠦ ᠠᠵᠢᠯ ᠪᠣᠯ ᠬᠤᠳᠠ ᠶᠢᠨ ᠪᠠᠶᠢᠳᠠᠯ ᠤᠨ ᠲᠤᠬᠠᠶ ᠲᠠᠨᠢᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠥᠭᠵᠢᠯᠲᠡ ᠶᠢᠨ ᠪᠠᠶᠢᠳᠠᠯ ᠢ ᠣᠨᠣᠪᠴᠢᠲᠠᠶ ᠡᠵᠡᠮᠳᠡᠬᠦ ᠪᠦᠲᠦᠮᠵᠢᠲᠡᠶ ᠠᠷᠭ᠎ᠠ ᠵᠠᠮ ᠮᠥᠨ᠂ ᠤᠳᠤᠷᠢᠳᠬᠤ ᠠᠷᠭ᠎ᠠ ᠮᠠᠶ᠋ᠢᠭ ᠢᠶᠠᠨ ᠰᠠᠶᠢᠵᠢᠷᠠᠭᠤᠯᠬᠤ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠦᠨᠳᠦᠰᠦᠨ ᠱᠠᠲᠤᠨ ᠤ ᠠᠵᠢᠯ ᠢ ᠲᠤᠰᠬᠠᠬᠤ᠂ ᠨᠡᠶᠢᠲᠡᠯᠢᠭ ᠲᠤᠷᠰᠢᠯᠭ᠎ᠠ ᠪᠠᠨ ᠰᠣᠯᠢᠯᠴᠠᠬᠤ ᠴᠢᠬᠤᠯᠠ ᠲᠠᠪᠴᠠᠩ ᠮᠥᠨ ᠭᠡᠵᠦ ᠶᠡᠷᠦᠩᠬᠡᠶ ᠱᠦᠵᠢ ᠰᠢ ᠶᠢᠨ ᠫᠢᠩ ᠣᠯᠠᠨᠲᠠ ᠴᠢᠬᠤᠯᠠᠴᠢᠯᠠᠭᠰᠠᠨ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠪᠠᠶᠢᠴᠠᠭᠠᠨ ᠰᠤᠳᠤᠯᠬᠤ ᠠᠵᠢᠯ ᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠶᠠᠷᠢᠶ᠎ᠠ ᠥᠭᠦᠯᠡᠯ ᠤᠨ ᠵᠠᠮ ᠢ ᠥᠷᠭᠡᠨ ᠢᠶᠠᠷ ᠨᠡᠭᠡᠭᠡᠵᠦ᠂ ᠣᠳᠣᠬᠢ ᠪᠠᠶᠢᠳᠠᠯ ᠢ ᠲᠣᠳᠣᠷᠬᠠᠶ ᠣᠶᠢᠯᠠᠭᠠᠵᠤ᠂ ᠠᠰᠠᠭᠤᠳᠠᠯ ᠢ ᠣᠨᠣᠪᠴᠢᠲᠠᠶ ᠡᠷᠢᠵᠦ᠂ ᠲᠦᠷᠦ ᠶᠢᠨ ᠪᠤᠳᠤᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠲᠡᠷᠢᠭᠦᠨ ᠤ ᠲᠤᠷᠰᠢᠯᠭ᠎ᠠ ᠶᠢ ᠳ᠋ᠦᠩᠨᠡᠬᠦ ᠶᠢ ᠴᠢᠬᠤᠯᠠᠴᠢᠯᠠᠵᠤ᠂ ᠤᠯᠠᠨ ᠳᠡᠰ ᠳᠠᠪᠬᠤᠷᠭ᠎ᠠ᠂ ᠤᠯᠠᠨ ᠠᠷᠭ᠎ᠠ ᠵᠠᠮ ᠢᠶᠠᠷ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃ ᠪᠤᠢ ᠪᠣᠯᠭᠠᠭᠰᠠᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠨᠢ ᠦᠵᠡᠯᠲᠡ ᠲᠣᠳᠣᠷᠬᠠᠢ᠂ ᠦᠭᠡ ᠲᠣᠪᠴᠢ ᠤᠳᠬ᠎ᠠ ᠭᠦᠨ᠂ ᠯᠣᠭᠢᠭ ᠴᠢᠩᠭ᠎ᠠ ᠨᠢᠮᠪᠠᠢ᠂ ᠵᠣᠬᠢᠶᠠᠯ ᠤᠨ ᠬᠡᠪ ᠨᠠᠮᠪᠠ ᠪᠣᠷᠣᠭᠵᠢᠭᠤᠨ ᠪᠠᠶᠢᠵᠤ᠂ ᠪᠠᠶᠢᠳᠠᠯ ᠢ ᠲᠣᠳᠣᠷᠬᠠᠢ ᠪᠣᠯᠭᠠᠵᠤ᠂ ᠠᠰᠠᠭᠤᠳᠠᠯ ᠢ ᠣᠨᠣᠪᠴᠢᠲᠠᠢ ᠡᠷᠢᠵᠦ᠂ ᠠᠷᠭ᠎ᠠ ᠬᠡᠮᠵᠢᠶ᠎ᠡ ᠪᠠ ᠠᠷᠭᠠᠴᠠᠬᠤ ᠪᠤᠳᠤᠯᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠵᠤ᠂ ᠦᠰᠦᠭ ᠤᠨ ᠲᠤᠭ᠎ᠠ ᠶᠢ 1500 ᠦᠰᠦᠭ ᠤᠨ ᠳᠣᠲᠣᠷ᠎ᠠ ᠬᠢᠵᠠᠭᠠᠷᠯᠠᠬᠤ ᠬᠡᠷᠡᠭᠲᠡᠢ᠃      ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢᠨ ᠡᠬᠡ ᠨᠣᠤᠷᠠᠭ ᠢ ᠲᠣᠭᠲᠠᠭᠠᠭᠰᠠᠨ ᠤ ᠳᠠᠷᠠᠭ᠎ᠠ᠂ ᠡᠯ᠎ᠡ ᠬᠠᠷᠢᠭᠤᠴᠠᠯᠭᠠᠲᠤ ᠨᠢᠭᠡᠴᠡ ᠶᠢᠨ ᠭᠤᠤᠯ ᠤᠳᠤᠷᠢᠳᠤᠯᠭ᠎ᠠ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠬᠤ ᠶᠢᠨ ᠬᠠᠮᠲᠤ ᠨᠢᠭᠡᠴᠡ ᠶᠢᠨ ᠠᠯᠪᠠᠨ ᠲᠠᠮᠠᠭ᠎ᠠ ᠶᠢ ᠳᠠᠷᠤᠭᠰᠠᠨ ᠤ ᠳᠠᠷᠠᠭ᠎ᠠ᠂ ᠡᠯᠧᠺᠲᠷᠣᠨ ᠬᠡᠪᠯᠡᠯ ᠲᠠᠢ ᠬᠠᠮᠲᠤ ᠪᠡᠶᠡᠯᠡᠭᠦᠯᠬᠦ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠬᠤ ᠲᠠᠰᠤᠭ ᠤᠨ 7003 ᠲᠠᠰᠤᠭ ᠲᠤ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠃ ᠬᠠᠷᠢᠯᠴᠠᠬᠤ ᠬᠥᠮᠦᠨ᠄ ᠼᠤᠤ ᠴᠢᠶᠦ᠋ᠨ᠂ ᠤᠲᠠᠰᠤ᠄ 3217550᠂ ᠰᠢᠦᠳᠠᠨ ᠤ ᠬᠠᠶᠢᠷᠴᠠᠭ zltxxdys@163.com᠃ ᠶᠠᠰᠤ ᠴᠢᠨᠠᠷ ᠢᠶᠠᠷ ᠨᠡᠯᠢᠶᠡᠳ ᠥᠨᠳᠥᠷ᠂ ᠵᠣᠬᠢᠬᠤ ᠭᠦᠨᠴᠡ ᠲᠠᠢ ᠪᠠᠶᠢᠴᠠᠭᠠᠨ ᠰᠤᠳᠤᠯᠤᠯᠲᠠ ᠶᠢᠨ ᠵᠣᠬᠢᠶᠠᠯ ᠢ ︽ᠪᠠᠶᠢᠴᠠᠭᠠᠨ ᠰᠤᠳᠤᠯᠤᠯᠲᠠ ᠪᠠ ᠮᠡᠳᠡᠭᠡ ᠵᠠᠩᠭᠢ︾ ᠳᠡᠭᠡᠷ᠎ᠡ ᠨᠡᠶᠢᠲᠡᠯᠡᠵᠦ᠂ ᠬᠤᠲᠠ ᠶᠢᠨ ᠤᠳᠤᠷᠢᠳᠤᠯᠭ᠎ᠠ ᠳᠤ ᠳᠡᠪᠰᠢᠭᠦᠯᠵᠦ ᠬᠢᠨᠠᠭᠤᠯᠤᠨ᠎ᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ