《ᠬᠡᠤᠬᠡᠳ ᠤᠨ ᠲᠠᠭᠤᠨ ᠢ ᠰᠣᠨᠣᠰᠴᠤ᠂ ᠰᠤᠷᠭᠠᠨ ᠬᠥᠮᠦᠵᠢᠯ ᠤᠨ ᠵᠢᠩᠬᠢᠨᠢ ᠴᠢᠨᠠᠷ  ᠲᠤ ᠪᠤᠴᠠᠨ᠎ᠠ︾ —  ᠮᠦᠭᠦᠴᠢ  ᠪᠠᠯᠭᠠᠰᠤᠨ ᠤ ᠭᠤᠤᠯ ᠰᠤᠷᠭᠠᠭᠤᠯᠢ ᠶᠢᠨ ᠵᠣᠬᠢᠶᠠᠨ‌‍ᠪᠠᠶᠢᠭᠤᠯᠤᠯᠲᠠ ᠶᠢᠨ ᠤᠬᠠᠭᠠᠨ ᠤ ᠬᠠᠮᠲᠤ ᠶᠢᠨ ᠴᠣᠭᠴᠠ ᠶᠢᠨ ᠵᠠᠮᠴᠢᠯᠠᠬᠤ ᠪᠠᠭᠰᠢ ᠨᠠᠷ ᠵᠠᠮᠴᠢᠯᠠᠬᠤ ᠰᠤᠳᠤᠯᠭᠠᠨ ᠤ ᠲᠠᠰᠤᠭ ᠤᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠰᠠᠷ᠎ᠠ ᠶᠢᠨ ᠲᠠᠪᠤᠳᠤᠭᠠᠷ ᠬᠤᠭᠤᠴᠠᠭ᠎ᠠ ᠶᠢᠨ ᠦᠵᠡᠭᠦᠯᠦᠯᠭᠡ ᠶᠢ ᠰᠣᠨᠢᠷᠬᠠᠪᠠ
ᠨᠡᠶᠢᠲᠡᠯᠡᠭᠰᠡᠨ ᠴᠠᠭ᠄
2023/8/1
      ᠨᠢᠭᠡ ᠣ ᠶᠢᠨ ᠪᠢᠷ ᠤᠨ ᠨᠣᠮ ᠨᠢ ᠢᠷᠠᠭᠤ ᠬᠠᠭᠤᠳᠠᠰᠤ ᠶᠢ ᠪᠦᠷᠢᠳᠦᠭᠦᠯᠵᠦ᠂ ᠭᠤᠷᠪᠠᠨ ᠲᠤᠬᠤᠢ ᠶᠠᠷᠢᠶᠠᠨ ᠤ ᠲᠠᠪᠴᠠᠩ ᠨᠢ ᠪᠠᠭᠰᠢ ᠶᠢᠨ ᠴᠤᠭ ᠵᠢᠪᠬᠤᠭ᠎ᠠ ᠶᠢ ᠭᠦᠢᠴᠡᠳ ᠪᠠᠳᠠᠷᠠᠭᠤᠯᠪᠠ᠃ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠬᠠᠮᠲᠤ ᠪᠠᠷ ᠡᠳ᠋ᠯᠡᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠮᠥᠬᠦᠴᠢ ᠪᠠᠯᠭᠠᠰᠤᠨ ᠤ ᠭᠤᠤᠯ ᠰᠤᠷᠭᠠᠭᠤᠯᠢ 7 ᠰᠠᠷ᠎ᠠ ᠶᠢᠨ 18      ᠤ ᠡᠳᠦᠷ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠵᠠᠮᠴᠢᠯᠠᠬᠤ ᠵᠢᠭᠠᠨ ᠰᠤᠳᠤᠯᠬᠤ ᠲᠠᠰᠤᠭ ᠤᠨ ᠲᠤᠰᠬᠠᠶ ᠮᠡᠷᠭᠡᠵᠢᠯᠲᠡᠨ ᠪᠠᠭᠰᠢ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠂ ᠲᠣᠰ ᠤᠳᠠᠭ᠎ᠠ ᠬᠤᠪᠢᠶᠠᠯᠴᠠᠭᠰᠠᠨ ᠵᠣᠴᠢᠨ  ᠪᠣᠯ᠄ ᠶᠢᠨ ᠯᠢ ᠪᠠᠭᠰᠢ᠂ ᠵᠠᠨ ᠴᠤᠤ ᠪᠠᠭᠰᠢ᠂ ᠢᠦᠶ ᠫᠢᠩ ᠪᠠᠭᠰᠢ᠂ ᠸᠧᠶ ᠯᠢ ᠪᠠᠭᠰᠢ᠂ ᠯᠢ ᠳ᠋ᠦᠩ ᠸᠧᠶ ᠪᠠᠭᠰᠢ᠂ ᠴᠢᠶᠠᠨ ᠮᠠᠨ ᠪᠠᠭᠰᠢ᠃      ᠶᠠᠭ ᠰᠠᠶᠢᠬᠠᠨ ᠵᠤᠨ ᠤ ᠠᠮᠠᠷᠠᠯᠲᠠ ᠪᠣᠯᠬᠤᠷ ᠪᠠᠭᠰᠢ ᠨᠠᠷ  ᠠᠮᠠᠷᠠᠬᠤ ᠴᠠᠭ ᠪᠠᠶᠢᠭᠰᠠᠨ ᠶᠤᠮ᠂ ᠭᠡᠪᠡᠴᠦ ᠪᠠᠭᠰᠢ ᠶᠢᠨ ᠡᠭᠦᠷᠭᠡ ᠪᠢᠳᠡᠨ ᠳᠤ ᠰᠤᠷᠤᠯᠭ᠎ᠠ ᠶᠢᠨ ᠠᠯᠬᠤᠮ ᠢᠶᠠᠨ ᠵᠣᠭᠰᠣᠵᠤ ᠪᠣᠯᠬᠤ ᠦᠭᠡᠢ᠂ ᠰᠤᠷᠤᠯᠭ᠎ᠠ ᠶᠢᠨ ᠵᠠᠮ ᠳᠠᠭᠠᠨ ᠪᠠᠶᠢᠬᠤ ᠬᠡᠷᠡᠭᠲᠡᠶ ᠭᠡᠳᠡᠭ ᠢ ᠰᠠᠨᠠᠭᠤᠯᠵᠤ ᠪᠠᠶᠢᠨ᠎ᠠ᠃ ᠰᠤᠷᠤᠯᠴᠠᠯᠭ᠎ᠠ ᠪᠣᠯ ᠬᠠᠮᠤᠭ ᠤᠨ ᠭᠤᠶᠣ ᠳᠦᠷᠢ ᠪᠠᠶᠢᠳᠠᠯ᠂ ᠰᠤᠷᠤᠯᠴᠠᠯᠭ᠎ᠠ ᠶᠢᠨ ᠬᠠᠮᠲᠤ ᠶᠢᠨ ᠴᠣᠭᠴᠠ ᠪᠣᠯ ᠬᠠᠮᠤᠭ ᠤᠨ ᠭᠤᠶᠣ ᠤᠴᠠᠷᠠᠯ᠂ ᠡᠷᠭᠢᠴᠡᠭᠦᠯᠦᠨ ᠪᠣᠳᠣᠯᠬᠢᠯᠠᠬᠤ ᠪᠣᠯ ᠬᠠᠮᠤᠭ ᠤᠨ ᠭᠤᠶᠣ ᠦᠵᠡᠮᠵᠢ ᠶᠤᠮ᠃       ᠰᠤᠷᠤᠯᠴᠠᠯᠭ᠎ᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠵᠠᠮ ᠳᠤ᠂ ᠰᠢᠨᠵᠢᠯᠡᠭᠡᠨ ᠤ ᠰᠠᠯᠠᠭ᠎ᠠ ᠶᠢᠨ ᠪᠠᠭᠰᠢ ᠨᠢᠭᠡᠪᠦᠷᠢ ᠶᠢᠨ ᠰᠣᠶᠣᠯ ᠤᠨ ᠬᠡᠪ ᠪᠣᠯᠪᠠᠰᠤᠷᠠᠯ ᠠᠴᠠ ᠰᠤᠷᠭᠠᠭᠤᠯᠢ ᠶᠢᠨ ᠰᠣᠶᠣᠯ ᠤᠨ ᠠᠭᠤᠯᠬᠤᠨ ᠬᠦᠷᠲᠡᠯ᠎ᠡ ᠪᠦᠷ ᠭᠦᠨᠵᠡᠭᠡᠢ ᠬᠤᠪᠢᠷᠠᠯᠲᠠ  ᠭᠠᠷᠤᠭᠰᠠᠨ ᠪᠠᠶᠢᠨ᠎ᠠ᠃ ᠪᠢᠳᠡ ᠲᠤᠰᠬᠠᠢ ᠮᠡᠷᠭᠡᠵᠢᠯᠲᠡᠨ ᠤ ᠮᠠᠶ᠋ᠢᠭ ᠤᠨ ᠪᠠᠭᠰᠢ ᠶᠢ ᠬᠥᠮᠦᠵᠢᠭᠦᠯᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠰᠢᠨ᠎ᠡ ᠠᠮᠢ ᠠᠬᠤᠢ ᠶᠢᠨ ᠰᠤᠷᠤᠯᠴᠠᠯᠭ᠎ᠠ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ ᠳᠤ ᠢᠲᠡᠭᠡᠯ ᠲᠠᠢ ᠪᠠᠶᠢᠵᠤ᠂  ᠮᠦᠭᠦᠴᠢ ᠪᠠᠯᠭᠠᠰᠤ ᠶᠢᠨ ᠡᠨᠡᠬᠦ ᠦᠩ ᠰᠢᠮᠡᠯᠢᠭ ᠬᠥᠷᠥᠰᠥᠨ ᠳᠤ ᠡᠯᠪᠡᠭ ᠳᠡᠯᠪᠡᠭ ᠦᠷ᠎ᠡ ᠪᠦᠲᠦᠭᠡᠯ ᠤᠯᠬᠤ ᠨᠢ ᠯᠠᠪᠲᠠᠢ ᠶᠤᠮ᠃   
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ