ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠵᠤ ︽ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠵᠤ᠂ ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠤᠨ ᠪᠡᠯᠡᠭ ᠬᠦᠷᠭᠡᠬᠦ︾ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/8/1
      2023 ᠣᠨ ᠤ 8 ᠰᠠᠷ᠎ᠠ ᠶᠢᠨ 1      ᠤ ᠡᠳᠦᠷ  ᠪᠣᠯ‌‍ᠲ᠋ᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 96 ᠵᠢᠯ  ᠪᠣᠯᠣᠨ᠎ᠠ᠃ ᠰᠢᠨ᠎ᠡ ᠴᠠᠭ ᠦᠶ᠎ᠡ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢ ᠴᠢᠯᠥᠭᠡᠯᠡᠬᠦ ᠴᠡᠷᠢᠭ ᠤᠨ ᠲᠡᠮᠡᠴᠡᠯ ᠤᠨ ᠲᠡᠦᠬᠡ ᠶᠢ  ᠡᠷᠭᠢᠴᠡᠭᠦᠯᠬᠦ ᠶᠢᠨ ᠲᠥᠯᠥᠭᠡ᠂ ᠴᠢᠯᠥᠭᠡᠯᠡᠬᠦ ᠴᠡᠷᠢᠭ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠣᠳᠣᠬᠠᠨ ᠤ ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠢ ᠣᠶᠢᠯᠠᠭᠠᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠵᠦ᠂ ︽8 · 1︾      ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠵᠠᠯᠠᠨ ᠠᠶᠢᠯ ᠬᠤᠳᠠ ᠶᠢᠨ ᠰᠤᠷᠭᠠᠨ ᠬᠥᠮᠦᠵᠢᠯ ᠤᠨ ᠰᠢᠰᠲᠧᠮ ︽ᠬᠤᠪᠢᠰᠬᠠᠯ ᠤᠨ ᠭᠧᠨ ᠢ ᠵᠠᠯᠭᠠᠮᠵᠢᠯᠠᠵᠤ᠂ < 8 · 1 >      ᠤ ᠴᠡᠷᠢᠭ ᠪᠠᠶᠢᠭᠤᠯᠤᠭᠳᠠᠭᠰᠠᠨ ᠪᠠᠶᠠᠷ ᠲᠤ ᠪᠡᠯᠡᠭ ᠬᠦᠷᠭᠡᠬᠦ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠢᠷᠢᠰ < 8 · 1 >ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃< 8 · 1 >      ᠬᠤᠪᠢᠰᠬᠠᠯᠲᠤ ᠺᠢᠨᠣ᠋᠂ ᠨᠣᠮ ᠪᠢᠴᠢᠭ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠰᠡᠳᠬᠢᠯ ᠵᠢᠷᠦᠬᠡᠨ ᠳᠡᠭᠡᠨ ︽ᠤᠯᠤᠰ ᠣᠷᠣᠨ ᠢᠶᠠᠨ < 8 · 1 >ᠬᠠᠮᠠᠭᠠᠯᠠᠵᠤ᠂ ᠡᠩᠬᠡ ᠲᠠᠶᠢᠪᠤᠩ ᠢ ᠡᠷᠬᠢᠮᠯᠡᠬᠦ︾ ᠦᠷ᠎ᠡ ᠶᠢ  ᠪᠣᠶᠢᠵᠢᠭᠤᠯᠵᠣ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠲᠠᠯᠠᠷᠬᠠᠵᠤ᠂ ᠵᠣᠯ ᠵᠢᠷᠭᠠᠯᠲᠤ < 8 · 1 >ᠠᠮᠢᠳᠤᠷᠠᠯ ᠢᠶᠠᠨ ᠨᠠᠨᠳᠢᠩᠨᠠᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠦ᠂ ᠦᠵᠡᠭᠰᠡᠨ ᠤ ᠳᠠᠷᠠᠭᠠᠬᠢ < 8 · 1 >ᠲᠦᠷᠦᠭᠳᠡᠯ ᠪᠤᠶᠤ ᠤᠩᠰᠢᠭᠰᠠᠨ ᠤ ᠳᠠᠷᠠᠭᠠᠬᠢ ᠲᠦᠷᠦᠭᠳᠡᠯ ᠢᠶᠠᠨ ᠪᠢᠴᠢᠪᠡ᠃ < 8 · 1 >ᠰᠤᠷᠤᠭᠴᠢᠳ ᠥᠪᠡᠷ ᠤᠨ ᠵᠢᠷᠤᠭ ᠤᠨ ᠪᠢᠷ ᠢᠶᠠᠷ ᠢᠶᠠᠨ ᠥᠪᠡᠷ ᠤᠨ ᠰᠡᠳᠬᠢᠯ ᠳᠠᠬᠢ ᠰᠢᠨ᠎ᠡ ᠴᠠᠭ ᠦᠶ᠎ᠡ ᠶᠢᠨ ᠴᠡᠷᠢᠭ  ᠬᠥᠮᠦᠨ ᠤ ᠬᠡᠷᠡᠯ ᠰᠠᠴᠤᠷᠠᠩᠭᠤᠶ ᠳᠦᠷᠢ < 8 · 1 >ᠲᠥᠷᠬᠦ ᠶᠢ ᠵᠢᠷᠤᠵᠤ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠲᠤ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠪᠠᠨ ᠢᠯᠡᠳᠬᠡᠨ᠎ᠡ᠃< 8 · 1 >      ᠬᠤᠪᠴᠠᠰᠤ ᠬᠤᠨᠠᠷ ᠢ ᠡᠮᠬᠢᠯᠡᠨ ᠴᠡᠭᠴᠡᠯᠡᠬᠦ ᠪᠣᠯ ᠴᠡᠷᠢᠭ ᠠᠩᠬᠢ ᠶᠢᠨ ᠳᠣᠲᠣᠭᠠᠳᠤ ᠶᠠᠪᠤᠳᠠᠯ ᠢ ᠡᠮᠬᠢᠯᠡᠨ ᠴᠡᠭᠴᠡᠯᠡᠬᠦ ᠶᠢᠨ ᠴᠢᠬᠤᠯᠠ ᠠᠭᠤᠯᠭ᠎ᠠ ᠮᠥᠨ᠂ < 8 · 1 >ᠲᠡᠷᠡ ᠨᠢ ᠴᠡᠷᠢᠭ ᠤᠨ ᠬᠥᠮᠦᠨ ᠤ ᠵᠣᠷᠢᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠬᠤ ᠠᠷᠭ᠎ᠠ ᠮᠠᠶ᠋ᠢᠭ ᠤᠨ ᠨᠢᠭᠡ ᠮᠥᠨ᠂ ᠪᠠᠰᠠ ᠴᠤ ᠴᠡᠷᠢᠭ  ᠬᠥᠮᠦᠨ ᠤ ᠤᠶᠤᠨ < 8 · 1 >ᠰᠠᠨᠠᠭᠠᠨ ᠤ ᠳᠦᠷᠰᠦ ᠪᠠᠶᠢᠳᠠᠯ ᠤᠨ ᠨᠢᠭᠡ ᠵᠦᠢᠯ ᠤᠨ ᠲᠤᠰᠬᠠᠯ ᠮᠥᠨ᠃ ᠰᠤᠷᠤᠭᠴᠢᠳ ᠴᠢᠯᠥᠭᠡᠯᠡᠬᠦ ᠴᠡᠷᠢᠭ ᠤᠨ ᠠᠪᠠᠭ᠎ᠠ ᠶᠢᠨ ᠳᠣᠲᠣᠭᠠᠳᠤ ᠶᠠᠪᠤᠳᠠᠯ ᠢ ᠡᠮᠬᠢᠳᠭᠡᠨ < 8 · 1 >ᠲᠢᠭᠯᠡᠬᠦ ᠶᠢ ᠰᠤᠷᠤᠯᠴᠠᠨ᠎ᠠ᠃ ᠬᠥᠳᠡᠯᠮᠦᠷᠢ ᠶᠢᠨ ᠤᠷ᠎ᠠ ᠮᠡᠷᠭᠡᠵᠢᠯ ᠢ ᠰᠤᠷᠬᠤ ᠪᠠᠷ ᠪᠠᠷᠠᠬᠤ ᠦᠭᠡᠶ᠂ ᠨᠡᠩ ᠴᠤ ᠰᠤᠷᠤᠯᠴᠠᠬᠤ ᠶᠠᠪᠤᠴᠠ ᠳᠠᠬᠢ ᠲᠡᠷᠡ ᠬᠦ ᠨᠠᠷᠢᠨ < 8 · 1 >ᠬᠢᠨᠠᠮᠠᠭᠠᠶ ᠪᠥᠭᠡᠳ ᠪᠠᠷᠢᠮᠲᠠᠯᠠᠯ ᠢ ᠰᠤᠷᠬᠤ ᠬᠡᠷᠡᠭᠲᠡᠶ᠃< 8 · 1 >      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠠᠷᠠᠳ ᠤᠨ ᠴᠢᠯᠥᠭᠡᠯᠡᠬᠦ ᠴᠡᠷᠢᠭ ᠤᠨ ᠲᠡᠤᠬᠡ ᠶᠢ ᠤᠯᠠᠮ ᠨᠢᠭᠡ ᠠᠯᠬᠤᠮ ᠣᠶᠢᠯᠠᠭᠠᠵᠤ᠂ < 8 · 1 >ᠣᠳᠣᠬᠠᠨ ᠤ ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠢ ᠣᠶᠢᠯᠠᠭᠠᠵᠤ᠂ ᠲᠡᠤᠬᠡ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ < 8 · 1 >ᠬᠥᠭᠵᠢᠭᠡᠵᠡᠶ᠃ ᠠᠩᠭᠢ ᠶᠢᠨ ᠭᠡᠰᠢᠭᠦᠳ ᠴᠡᠷᠢᠭ  ᠬᠥᠮᠦᠨ ᠤ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ < 8 · 1 >ᠴᠡᠷᠢᠭ ᠢᠶᠠᠨ ᠬᠠᠶᠢᠷᠠᠯᠠᠬᠤ᠂ ᠴᠡᠷᠢᠭ ᠢᠶᠠᠨ ᠬᠦᠷᠢᠶᠡᠯᠡᠬᠦ ᠦᠵᠡᠯ ᠰᠠᠨᠠᠭ᠎ᠠ ᠶᠢ ᠪᠤᠢ ᠪᠣᠯᠭᠠᠵᠤ᠂ ᠪᠠᠭ᠎ᠠ ᠠᠴᠠ ᠪᠠᠨ ᠴᠡᠷᠢᠭ ᠢᠶᠠᠨ ᠬᠦᠴᠦᠷᠬᠡᠭᠵᠢᠭᠦᠯᠬᠦ ᠵᠡᠭᠦᠳᠦ ᠶᠢ < 8 · 1 >ᠲᠡᠷᠭᠡᠯᠰᠢᠭᠦᠯᠬᠦ ᠶᠢ ᠬᠦᠰᠡᠵᠦ ᠪᠠᠶᠢᠨ᠎ᠠ᠃< 8 · 1 > 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ