ᠵᠠᠯᠠᠨ ᠠᠶᠢᠯ ᠬᠤᠲᠠ ᠶᠢᠨ ᠰᠣᠶᠣᠯ ᠤᠨ ᠠᠵᠤ  ᠦᠢᠯᠡᠰ ᠤᠨ ᠠᠯᠪᠠᠨ ᠬᠡᠷ ᠬᠡᠰᠡᠭ ᠤᠳᠤᠮᠰᠢᠯ ᠤᠨ ᠪᠤᠰᠤ ᠵᠠᠯᠭᠠᠮᠵᠢᠯᠠᠭᠴᠢᠳ ᠢ ᠵᠣᠬᠢᠶᠠᠨ ᠪᠠᠶᠢᠭᠤᠯᠵᠤ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ  ᠦᠢᠯᠡᠰ‌‍ᠤᠨ ᠦᠵᠡᠰᠬᠦᠯᠡᠩ ᠠᠷᠠᠯᠵᠢᠶᠠᠨ ᠤ ᠴᠤᠭᠯᠠᠭᠠᠨ
ᠨᠡᠶᠢᠲᠡᠯᠡᠭᠰᠡᠨ ᠴᠠᠭ᠄
2023/8/1
      7 ᠳ᠋ᠤᠭᠠᠷ ᠰᠠᠷ᠎ᠠ ᠶᠢᠨ 13 — 17      ᠤ ᠡᠳᠦᠷ᠂ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠦᠵᠡᠰᠬᠦᠯᠡᠩ ᠠᠷᠠᠯᠵᠢᠶᠠᠨ ᠤ ᠴᠤᠭᠯᠠᠭᠠᠨ ᠬᠥᠬᠡᠬᠤᠲᠠ ᠳᠤ ᠶᠠᠪᠤᠭᠳᠠᠪᠠ᠃ ᠵᠠᠯᠠᠨ ᠠᠶᠢᠯ ᠬᠤᠲᠠ ᠶᠢᠨ ᠰᠣᠶᠣᠯ ᠤᠨ ᠠᠵᠤ ᠦᠢᠯᠡᠰ ᠤᠨ ᠠᠯᠪᠠᠨ ᠬᠡᠷ ᠬᠡᠰᠡᠭ ᠤᠳᠤᠮᠰᠢᠯ ᠤᠨ ᠪᠤᠰᠤ ᠵᠠᠯᠭᠠᠮᠵᠢᠯᠠᠭᠴᠢᠳ ᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠲᠤ ᠦᠵᠡᠭᠦᠯᠦᠯᠭᠡ ᠳᠤ ᠣᠷᠣᠯᠴᠠᠭᠤᠯᠵᠤ᠂ ᠦᠵᠡᠭᠦᠯᠦᠯᠭᠡ ᠶᠢᠨ ᠴᠤᠭᠯᠠᠭᠠᠨ ᠳᠡᠭᠡᠷ᠎ᠡ ᠮᠠᠨ ᠤ ᠬᠤᠲᠠ ᠶᠢᠨ ᠰᠣᠶᠣᠯ ᠤᠨ ᠡᠭᠦᠳᠦᠨ ᠪᠦᠲᠦᠭᠡᠯᠲᠡ ᠶᠢᠨ ᠰᠣᠳᠣᠨ ᠪᠦᠲᠦᠭᠡᠯ ᠢ ᠳᠡᠯᠭᠡᠨ ᠦᠵᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠥᠷᠭᠡᠨ ᠣᠯᠠᠨ ᠠᠷᠠᠳ ᠲᠦᠮᠡᠨ ᠢ ᠵᠠᠯᠠᠨ ᠠᠶᠢᠯ ᠬᠤᠲᠠ ᠶᠢᠨ ᠰᠣᠶᠣᠯ ᠤᠨ ᠠᠵᠤ ᠦᠢᠯᠡᠰ‌ᠢ ᠣᠶᠢᠯᠠᠭᠠᠬᠤ ᠳᠤ ᠣᠷᠣᠯᠴᠠᠭᠤᠯᠬᠤ ᠪᠠᠷ ᠲᠠᠲᠠᠵᠤ ᠪᠠᠶᠢᠨ᠎ᠠ᠃      ᠦᠵᠡᠭᠦᠯᠦᠯᠭᠡ ᠶᠢᠨ ᠲᠣᠭᠤᠷᠢᠭ ᠲᠤ᠂ ᠵᠠᠯᠠᠨ ᠠᠶᠢᠯ ᠬᠤᠲᠠ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠴᠠᠭᠠᠰᠤᠨ ᠬᠠᠶᠢᠴᠢᠯᠠᠮᠠᠯ᠂ ᠨᠠᠷᠢᠯᠢᠭ ᠵᠢᠷᠤᠭ᠂ ᠰᠠᠮᠠ ᠵᠡᠭᠡᠯᠢ ᠶᠢᠨ ᠨᠡᠷᠡᠨ ᠬᠤᠸᠠᠷ ᠪᠠ ᠬᠥᠯᠥᠨ ᠪᠤᠶᠢᠷ ᠤᠨ ᠮᠠᠨᠤ ᠥᠩᠭᠡᠲᠦ ᠬᠠᠰ ᠵᠡᠷᠭᠡ 4 ᠲᠥᠷᠥᠯ ᠳᠤ ᠬᠤᠪᠢᠶᠠᠳᠠᠭ᠃ ᠦᠵᠡᠭᠦᠯᠦᠯᠭᠡ ᠶᠢᠨ ᠬᠤᠭᠤᠴᠠᠭᠠᠨ ᠳᠤ᠂ ᠲᠦᠷᠦᠯ ᠵᠦᠢᠯ ᠢᠶᠠᠷ ᠪᠠᠶᠠᠯᠢᠭ᠂ ᠠᠭᠤᠯᠭ᠎ᠠ ᠪᠠᠷ ᠭᠤᠶᠢᠳᠠ ᠰᠠᠶᠢᠬᠠᠨ ᠵᠠᠯᠠᠨ ᠠᠶᠢᠯ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ᠲᠥᠪ ᠤᠨ ᠤᠳᠤᠨ ᠲᠧᠯᠸᠢᠰ᠂ ᠥᠪᠥᠷ ᠮᠣᠩᠭᠤᠯ ᠤᠨ ᠤᠳᠤᠨ ᠲᠧᠯᠸᠢᠰ᠂ ᠰᠢᠶᠠᠩᠭᠠᠩ ᠤᠨ ᠤᠳᠤᠨ ᠲᠧᠯᠸᠢᠰ ᠵᠡᠷᠭᠡ ᠤᠯᠠᠨ ᠭᠤᠣᠯ ᠵᠠᠭᠤᠴᠢᠯᠠᠭᠤᠷ ᠤᠨ ᠬᠢᠨ ᠤ ᠠᠩᠬᠠᠷᠤᠯ ᠢ ᠲᠠᠲᠠᠵᠠᠢ᠃ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠤᠨ ᠤᠯᠠᠮᠵᠢᠯᠠᠭᠴᠢ ᠳ᠋ᠦ᠋ ᠶᠧ ᠮᠧᠶ ᠬᠤᠶᠠᠷ ᠤᠳᠠᠭᠠᠨ ᠤ ᠲᠤᠰᠬᠠᠶ ᠰᠤᠷᠪᠤᠯᠵᠢᠯᠠᠭ᠎ᠠ ᠶᠢ ᠬᠦᠯᠢᠶᠡᠭᠰᠡᠨ ᠪᠥᠭᠡᠳ ᠥᠪᠥᠷ ᠮᠣᠩᠭᠤᠯ ᠤᠨ ᠲᠧᠯᠸᠢᠰ ᠬᠤᠷᠢᠶ᠎ᠠ ᠶᠢᠨ ᠰᠢᠭᠤᠳ ᠨᠡᠪᠲᠡᠷᠡᠭᠦᠯᠬᠦ ᠠᠵᠢᠯᠯᠠᠭ᠎ᠠ ᠳᠤ ᠣᠷᠣᠯᠴᠠᠵᠠᠶ᠃ ᠲᠡᠷᠡ ᠬᠡᠯᠡᠬᠦ ᠳᠡᠭᠡᠨ᠂ ᠴᠠᠭᠠᠰᠤᠨ ᠬᠠᠶᠢᠴᠢᠯᠠᠮᠠᠯ ᠨᠢ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠶᠢ ᠲᠥᠯᠥᠭᠡᠯᠡᠵᠦ ᠪᠠᠶᠢᠬᠤ ᠪᠠᠷ ᠪᠠᠷᠠᠬᠤ ᠥᠬᠡᠶ᠂ ᠨᠠᠩ ᠴᠤ ᠣᠲᠣ ᠦᠶ᠎ᠡ ᠳᠤ ᠰᠣᠶᠣᠯ ᠤᠨ ᠢᠲᠡᠭᠡᠯ ᠲᠡᠭᠦᠯᠳᠡᠷ ᠰᠢᠨ᠎ᠡ ᠴᠠᠭ ᠦᠶ᠎ᠡ ᠶᠢᠨ ᠦᠭᠡ ᠬᠡᠯᠡ ᠶᠢ ᠤᠯᠠᠮᠵᠢᠯᠠᠵᠤ ᠪᠠᠶᠢᠨ᠎ᠠ᠂ ᠤᠳᠤᠮᠰᠢᠯ ᠤᠨ ᠪᠤᠰᠤ ᠵᠠᠯᠭᠠᠮᠵᠢᠯᠠᠭᠴᠢ ᠪᠣᠯᠤᠭᠰᠠᠨ ᠤ ᠬᠤᠪᠢ ᠳᠤ ᠤᠯᠠᠮᠵᠢᠯᠠᠯᠲᠤ ᠭᠠᠷ ᠤᠷᠠᠯᠠᠯ ᠢ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠬᠠᠷᠢᠭᠤᠴᠠᠯᠭ᠎ᠠ ᠪᠠ ᠡᠭᠦᠷᠭᠡ ᠲᠠᠢ ᠶᠤᠮ ᠭᠡᠵᠡᠶ᠃      ᠲᠤᠰ ᠤᠳᠠᠭᠠᠨ ᠤ ᠰᠣᠶᠣᠯ ᠤᠨ ᠦᠵᠡᠰᠬᠦᠯᠡᠩ ᠤᠨ ᠴᠤᠭᠯᠠᠭᠠᠨ ᠳᠤ᠂ ᠬᠥᠯᠥᠨ ᠪᠤᠶᠢᠷ ᠤᠨ ᠦᠵᠡᠭᠦᠯᠦᠯᠭᠡ ᠶᠢᠨ ᠲᠢᠩᠬᠢᠮ ᠤᠨ ᠬᠢᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠤᠨ ᠤᠯᠠᠮᠵᠢᠯᠠᠭᠴᠢ ᠳ᠋ᠦ᠋ ᠶᠧ ᠮᠧᠢ ᠶᠢᠨ 23 ᠮᠧᠲᠷ ᠣᠷᠳᠣ  ᠴᠠᠭᠠᠰᠤᠨ ᠬᠠᠶᠢᠴᠢᠯᠠᠮᠠᠯ  ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠰ︾ ᠤᠨ ᠵᠢᠷᠤᠭ ᠲᠥᠯᠥᠪᠯᠡᠭᠡ ᠶᠢ ᠶᠡᠷᠦᠩᠬᠡᠢ ᠪᠠᠶᠢᠷᠢᠰᠢᠭᠤᠯᠤᠯᠲᠠ ᠶᠢᠨ ᠴᠢᠬᠤᠯᠠ ᠬᠡᠰᠡᠭ ᠪᠣᠯᠭᠠᠪᠠ᠃ ᠰᠦᠷ ᠵᠢᠪᠬᠤᠭ᠎ᠠ ᠲᠠᠢ ᠤᠯᠠᠭᠠᠨ ᠴᠠᠭᠠᠰᠤᠨ ᠬᠠᠶᠢᠴᠢᠯᠠᠮᠠᠯ ︽ᠠᠪᠤᠷᠭᠤ ᠯᠣᠣ︾ ᠦᠵᠡᠭᠦᠯᠦᠯᠭᠡ ᠶᠢᠨ ᠲᠣᠭᠤᠷᠢᠭ ᠤᠨ ᠳᠡᠭᠡᠷ᠎ᠡ ᠲᠠᠯ᠎ᠠ ᠳᠤ ᠡᠷᠭᠢᠯᠳᠦᠵᠦ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠬᠥᠪᠡᠭᠦᠳ ᠥᠬᠢᠳ ᠠᠪᠤᠷᠭᠤ ᠯᠣᠣ ᠶᠢᠨ ᠨᠢᠷᠤᠭᠤ ᠶᠢ ᠭᠠᠷ ᠬᠤᠯᠪᠣᠨ ᠲᠤᠯᠭᠠᠭᠤᠷᠢᠯᠠᠵᠤ᠂ ᠦᠨᠳᠦᠰᠦᠲᠡᠨ ᠪᠦᠯᠬᠦᠮᠳᠡᠨ ᠨᠢᠭᠡᠳᠴᠦ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ ᠬᠥᠭᠵᠢᠯ ᠪᠠᠳᠠᠷᠠᠯᠲᠤ ᠪᠠᠶᠢᠳᠠᠯ ᠢ ᠭᠦᠢᠴᠡᠳ ᠢᠯᠡᠷᠡᠭᠦᠯᠪᠡ᠃      ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠳᠤ᠂ ᠴᠠᠭᠠᠰᠤᠨ ᠬᠠᠶᠢᠴᠢᠯᠠᠮᠠᠯ᠂ ᠨᠠᠷᠢᠯᠢᠭ ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠲᠤᠬᠠᠢ ᠶᠢᠨ ᠲᠠᠯᠠᠪᠠᠢ ᠳᠤ  ᠣᠷᠠᠯᠠᠨ ᠵᠣᠬᠢᠶᠠᠵᠣ᠂ ᠤᠯᠠᠨ ᠲᠦᠮᠡᠨ ᠤ ᠪᠠᠭ᠋ᠠᠷᠬᠠᠯ ᠢ ᠲᠠᠲᠠᠪᠠ᠃ ᠴᠠᠭᠠᠰᠤᠨ ᠬᠠᠶᠢᠴᠢᠯᠠᠮᠠᠯ ᠤᠨ ᠵᠢᠷᠤᠭ ᠳᠦᠷᠰᠦ ᠨᠢ ᠭᠤᠶᠢᠳᠠ ᠰᠠᠶᠢᠬᠠᠨ᠂ ᠠᠮᠢᠳᠤᠯᠢᠭ ᠳᠦᠷᠰᠦᠯᠢᠭ᠂ ᠠᠭᠤᠯᠠ ᠤᠰᠤᠨ ᠤ ᠦᠵᠡᠮᠵᠢ ᠶᠢ ᠵᠢᠷᠤᠭᠯᠠᠨ᠂ ᠴᠡᠴᠡᠭ ᠰᠢᠪᠠᠭᠤᠨ ᠤ ᠳᠦᠷᠢ ᠶᠢᠨ ᠨᠠᠷᠢᠯᠢᠭ ᠵᠢᠷᠤᠭ ᠤᠨ ᠲᠥᠷᠥᠯ  ᠵᠦᠢᠯ ᠣᠯᠠᠨ᠂ ᠦᠨᠳᠦᠰᠦᠲᠡᠨ ᠤ ᠣᠨᠴᠠᠯᠢᠭ  ᠶᠢ ᠪᠠᠳᠠᠷᠠᠭᠤᠯᠣᠨ᠂  ᠰᠠᠶᠢᠨ ᠰᠠᠶᠢᠬᠠᠨ ᠢᠷᠦᠭᠡᠯ  ᠪᠢᠯᠬᠠᠮ᠎ᠠ‌‍ᠰᠠᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ ᠤᠨ ᠨᠡᠷᠡᠨ ᠬᠤᠸᠠᠷᠲᠤ ᠭᠠᠷ ᠤᠷᠠᠯᠠᠯ ᠤᠨ ᠪᠦᠲᠦᠭᠡᠭᠳᠡᠬᠦᠨ ᠵᠢᠴᠢ ᠬᠥᠯᠥᠨ ᠪᠤᠶᠢᠷ ᠤᠨ ᠮᠠᠨᠤ ᠥᠩᠭᠡᠲᠦ ᠬᠠᠰ ᠴᠤ ᠰᠠᠶᠢᠨ ᠦᠨᠡᠯᠡᠯᠲᠡ ᠶᠢ ᠭᠥᠷᠳᠡᠭᠰᠡᠨ ᠪᠠᠶᠢᠨ᠎ᠠ᠃      5 ᠡᠳᠦᠷ ᠶᠠᠪᠤᠭᠳᠠᠭᠰᠠᠨ ᠦᠵᠡᠰᠬᠦᠯᠡᠩ ᠳᠤ᠂ ᠵᠠᠯᠠᠨ ᠠᠶᠢᠯ ᠬᠤᠳᠠ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠬᠥᠭᠵᠢᠶᠡᠨᠲᠡᠢ ᠪᠠᠶᠢᠵᠤ᠂ ᠤᠳᠤᠮᠰᠢᠯ ᠤᠨ ᠪᠤᠰᠤ ᠵᠠᠯᠭᠠᠮᠵᠢᠯᠠᠭᠴᠢ ᠳ᠋ᠦ᠋ ᠶᠧ ᠮᠧᠢ ᠶᠢᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠨ ᠪᠣᠷᠣᠯᠠᠭᠤᠯᠭ᠎ᠠ 767 ᠪᠠᠶᠢᠵᠤ᠂ ᠡᠭᠦᠨ ᠳᠤ 60 ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ ᠶᠢᠨ ᠤᠬᠠᠭᠤᠯᠬᠤ ᠬᠡᠯᠲᠡᠰ ᠠᠴᠠ ᠰᠢᠶᠠᠩᠭᠠᠩ ᠳᠤ ᠬᠦᠷᠭᠡᠵᠦ ᠳᠡᠯᠭᠡᠨ ᠦᠵᠡᠭᠦᠯᠵᠦ᠂ ᠨᠠᠷᠢᠯᠢᠭ ᠵᠢᠷᠤᠭ ᠤᠨ ᠪᠣᠷᠣᠯᠠᠭᠤᠯᠭ᠎ᠠ 180 ᠭᠠᠷᠤᠢ ᠪᠠᠶᠢᠵᠤ᠂ ᠰᠠᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ ᠤᠨ ᠨᠡᠷᠡᠨ ᠬᠤᠸᠠᠷ ᠲᠤᠬᠠᠢ ᠶᠢᠨ ᠲᠠᠯᠠᠪᠠᠢ ᠳᠤ 360 ᠭᠠᠷᠤᠢ ᠪᠤᠢ᠃ ᠲᠤᠬᠠᠶ ᠶᠢᠨ ᠲᠠᠯᠠᠪᠠᠶ ᠳᠤ 1319 ᠪᠦᠲᠦᠭᠡᠯ ᠠᠮᠵᠢᠯᠲᠠ ᠲᠠᠢ ᠪᠠᠷ ᠠᠷᠠᠯᠵᠢᠶᠠᠯᠠᠵᠤ᠂ ᠪᠣᠷᠣᠯᠠᠭᠤᠯᠭ᠎ᠠ ᠶᠢᠨ ᠬᠡᠮᠵᠢᠶ᠎ᠡ 76740 ᠲᠥᠭᠦᠷᠢᠭ᠂ ᠭᠡᠷ᠎ᠡ ᠶᠢᠨ ᠵᠠᠬᠢᠶᠠᠯᠠᠭ᠎ᠠ ᠶᠢᠨ ᠲᠤᠭ᠎ᠠ10500  ᠲᠥᠭᠦᠷᠢᠭ᠂33400ᠲᠥᠭᠦᠷᠢᠭ ᠤᠨ ᠭᠡᠷ᠎ᠡ ᠲᠣᠭᠲᠠᠭᠰᠠᠨ ᠪᠠᠶᠢᠨ᠎ᠠ᠃      ᠳᠤᠮᠳᠠᠳᠤ ᠶᠢᠨ ᠪᠣᠯᠪᠠᠰᠤᠨ ᠢ ᠡᠳ᠋ᠯᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠢᠷᠠᠭᠤ ᠠᠯᠳᠠᠷ ᠢ ᠤᠯᠠᠮᠵᠢᠯᠠᠨ ᠵᠠᠯᠭᠠᠮᠵᠢᠯᠠᠨ᠎ᠠ᠃ ᠲᠣᠰ ᠤᠳᠠᠭᠠᠨ ᠤ ᠰᠣᠶᠣᠯ ᠤᠨ ᠦᠵᠡᠰᠬᠦᠯᠡᠩ ᠤᠨ ᠴᠤᠭᠯᠠᠭᠠᠨ ᠨᠢ ᠵᠠᠯᠠᠨ ᠠᠶᠢᠯ ᠤᠨ ᠰᠣᠶᠣᠯ ᠤᠨ ᠠᠵᠤ ᠦᠢᠯᠡᠰ  ᠤᠨ ᠬᠥᠭᠵᠢᠯᠲᠡ ᠪᠠ ᠤᠯᠠᠮᠵᠢᠯᠠᠯ ᠳᠤ ᠰᠢᠯᠢᠳᠡᠭ ᠲᠠᠪᠴᠠᠩ ᠡᠭᠦᠳᠦᠨ ᠥᠭᠴᠦ᠂ ᠵᠠᠯᠠᠨ ᠠᠶᠢᠯ ᠬᠤᠲᠠ ᠶᠢᠨ ᠰᠣᠶᠣᠯ ᠤᠨ ᠠᠵᠤ ᠦᠢᠯᠡᠰ ᠤᠨ ᠲᠥᠷᠥᠯ  ᠵᠦᠢᠯ ᠢ ᠰᠢᠨ᠎ᠡ ᠴᠠᠭ ᠦᠶ᠎ᠡ ᠳᠤ ᠰᠢᠨ᠎ᠡ ᠬᠡᠷᠡᠯ ᠭᠢᠯᠪᠠᠭ᠎ᠠ ᠪᠠ ᠠᠮᠢᠵᠢᠷᠠᠯ ᠤᠨ ᠬᠦᠴᠦᠨ ᠲᠠᠢ ᠪᠣᠯᠭᠠᠵᠠᠶ᠃ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠰᠣᠶᠣᠯ ᠪᠡᠶ᠎ᠡ‌‍ᠲ᠋ᠠᠮᠢᠷ ᠵᠢᠨ‌ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠢᠨ ᠤᠳᠤᠮᠰᠢᠯ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠥᠷᠨᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠲᠣᠭᠯᠠᠯᠲᠠ ᠶᠢ ᠵᠣᠬᠢᠶᠠᠨ ᠪᠠᠶᠢᠭᠤᠯᠬᠤ ᠪᠠ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠤᠬᠠᠭᠤᠯᠤᠨ ᠲᠠᠨᠢᠯᠴᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠯᠠᠨ ᠲᠦᠮᠡᠨ ᠤ ᠲᠣᠭᠤᠷᠢᠨ ᠦᠵᠡᠬᠦ᠂ ᠬᠠᠷᠢᠯᠴᠠᠨ ᠬᠥᠳᠡᠯᠦᠯᠴᠡᠬᠦ᠂ ᠪᠡᠶᠡᠴᠢᠯᠡᠨ ᠣᠶᠢᠯᠠᠭᠠᠬᠤ᠂ ᠰᠤᠷᠤᠯᠴᠠᠬᠤ ᠵᠡᠷᠭᠡ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠵᠤ᠂ ᠪᠣᠳᠠᠰ ᠤᠨ ᠪᠤᠰᠤ ᠰᠣᠶᠣᠯ ᠤᠨ ᠥᠪ ᠢ ᠵᠠᠯᠠᠨ ᠠᠶᠢᠯ ᠬᠤᠲᠠ ᠶᠢᠨ ᠢᠷᠠᠭᠤ ᠰᠠᠶᠢᠬᠠᠨ ᠰᠣᠶᠣᠯ ᠤᠨ ᠨᠡᠷ᠎ᠡ ᠶᠢᠨ ᠬᠠᠭᠤᠳᠠᠰᠤ ᠪᠣᠯᠭᠠᠨ᠎ᠠ᠃        7 ᠳ᠋ᠤᠭᠠᠷ ᠰᠠᠷ᠎ᠠ ᠶᠢᠨ 13 — 17      ᠤ ᠡᠳᠦᠷ᠂ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠦᠵᠡᠰᠬᠦᠯᠡᠩ ᠠᠷᠠᠯᠵᠢᠶᠠᠨ ᠤ ᠴᠤᠭᠯᠠᠭᠠᠨ ᠬᠥᠬᠡᠬᠤᠲᠠ ᠳᠤ ᠶᠠᠪᠤᠭᠳᠠᠪᠠ᠃ ᠵᠠᠯᠠᠨ ᠠᠶᠢᠯ ᠬᠤᠲᠠ ᠶᠢᠨ ᠰᠣᠶᠣᠯ ᠤᠨ ᠠᠵᠤ ᠦᠢᠯᠡᠰ ᠤᠨ ᠠᠯᠪᠠᠨ ᠬᠡᠷ ᠬᠡᠰᠡᠭ ᠤᠳᠤᠮᠰᠢᠯ ᠤᠨ ᠪᠤᠰᠤ ᠵᠠᠯᠭᠠᠮᠵᠢᠯᠠᠭᠴᠢᠳ ᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠲᠤ ᠦᠵᠡᠭᠦᠯᠦᠯᠭᠡ ᠳᠤ ᠣᠷᠣᠯᠴᠠᠭᠤᠯᠵᠤ᠂ ᠦᠵᠡᠭᠦᠯᠦᠯᠭᠡ ᠶᠢᠨ ᠴᠤᠭᠯᠠᠭᠠᠨ ᠳᠡᠭᠡᠷ᠎ᠡ ᠮᠠᠨ ᠤ ᠬᠤᠲᠠ ᠶᠢᠨ ᠰᠣᠶᠣᠯ ᠤᠨ ᠡᠭᠦᠳᠦᠨ ᠪᠦᠲᠦᠭᠡᠯᠲᠡ ᠶᠢᠨ ᠰᠣᠳᠣᠨ ᠪᠦᠲᠦᠭᠡᠯ ᠢ ᠳᠡᠯᠭᠡᠨ ᠦᠵᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠥᠷᠭᠡᠨ ᠣᠯᠠᠨ ᠠᠷᠠᠳ ᠲᠦᠮᠡᠨ ᠢ ᠵᠠᠯᠠᠨ ᠠᠶᠢᠯ ᠬᠤᠲᠠ ᠶᠢᠨ ᠰᠣᠶᠣᠯ ᠤᠨ ᠠᠵᠤ ᠦᠢᠯᠡᠰ‌ᠢ ᠣᠶᠢᠯᠠᠭᠠᠬᠤ ᠳᠤ ᠣᠷᠣᠯᠴᠠᠭᠤᠯᠬᠤ ᠪᠠᠷ ᠲᠠᠲᠠᠵᠤ ᠪᠠᠶᠢᠨ᠎ᠠ᠃      ᠦᠵᠡᠭᠦᠯᠦᠯᠭᠡ ᠶᠢᠨ ᠲᠣᠭᠤᠷᠢᠭ ᠲᠤ᠂ ᠵᠠᠯᠠᠨ ᠠᠶᠢᠯ ᠬᠤᠲᠠ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠴᠠᠭᠠᠰᠤᠨ ᠬᠠᠶᠢᠴᠢᠯᠠᠮᠠᠯ᠂ ᠨᠠᠷᠢᠯᠢᠭ ᠵᠢᠷᠤᠭ᠂ ᠰᠠᠮᠠ ᠵᠡᠭᠡᠯᠢ ᠶᠢᠨ ᠨᠡᠷᠡᠨ ᠬᠤᠸᠠᠷ ᠪᠠ ᠬᠥᠯᠥᠨ ᠪᠤᠶᠢᠷ ᠤᠨ ᠮᠠᠨᠤ ᠥᠩᠭᠡᠲᠦ ᠬᠠᠰ ᠵᠡᠷᠭᠡ 4 ᠲᠥᠷᠥᠯ ᠳᠤ ᠬᠤᠪᠢᠶᠠᠳᠠᠭ᠃ ᠦᠵᠡᠭᠦᠯᠦᠯᠭᠡ ᠶᠢᠨ ᠬᠤᠭᠤᠴᠠᠭᠠᠨ ᠳᠤ᠂ ᠲᠦᠷᠦᠯ ᠵᠦᠢᠯ ᠢᠶᠠᠷ ᠪᠠᠶᠠᠯᠢᠭ᠂ ᠠᠭᠤᠯᠭ᠎ᠠ ᠪᠠᠷ ᠭᠤᠶᠢᠳᠠ ᠰᠠᠶᠢᠬᠠᠨ ᠵᠠᠯᠠᠨ ᠠᠶᠢᠯ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ᠲᠥᠪ ᠤᠨ ᠤᠳᠤᠨ ᠲᠧᠯᠸᠢᠰ᠂ ᠥᠪᠥᠷ ᠮᠣᠩᠭᠤᠯ ᠤᠨ ᠤᠳᠤᠨ ᠲᠧᠯᠸᠢᠰ᠂ ᠰᠢᠶᠠᠩᠭᠠᠩ ᠤᠨ ᠤᠳᠤᠨ ᠲᠧᠯᠸᠢᠰ ᠵᠡᠷᠭᠡ ᠤᠯᠠᠨ ᠭᠤᠣᠯ ᠵᠠᠭᠤᠴᠢᠯᠠᠭᠤᠷ ᠤᠨ ᠬᠢᠨ ᠤ ᠠᠩᠬᠠᠷᠤᠯ ᠢ ᠲᠠᠲᠠᠵᠠᠢ᠃ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠤᠨ ᠤᠯᠠᠮᠵᠢᠯᠠᠭᠴᠢ ᠳ᠋ᠦ᠋ ᠶᠧ ᠮᠧᠶ ᠬᠤᠶᠠᠷ ᠤᠳᠠᠭᠠᠨ ᠤ ᠲᠤᠰᠬᠠᠶ ᠰᠤᠷᠪᠤᠯᠵᠢᠯᠠᠭ᠎ᠠ ᠶᠢ ᠬᠦᠯᠢᠶᠡᠭᠰᠡᠨ ᠪᠥᠭᠡᠳ ᠥᠪᠥᠷ ᠮᠣᠩᠭᠤᠯ ᠤᠨ ᠲᠧᠯᠸᠢᠰ ᠬᠤᠷᠢᠶ᠎ᠠ ᠶᠢᠨ ᠰᠢᠭᠤᠳ ᠨᠡᠪᠲᠡᠷᠡᠭᠦᠯᠬᠦ ᠠᠵᠢᠯᠯᠠᠭ᠎ᠠ ᠳᠤ ᠣᠷᠣᠯᠴᠠᠵᠠᠶ᠃ ᠲᠡᠷᠡ ᠬᠡᠯᠡᠬᠦ ᠳᠡᠭᠡᠨ᠂ ᠴᠠᠭᠠᠰᠤᠨ ᠬᠠᠶᠢᠴᠢᠯᠠᠮᠠᠯ ᠨᠢ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠶᠢ ᠲᠥᠯᠥᠭᠡᠯᠡᠵᠦ ᠪᠠᠶᠢᠬᠤ ᠪᠠᠷ ᠪᠠᠷᠠᠬᠤ ᠥᠬᠡᠶ᠂ ᠨᠠᠩ ᠴᠤ ᠣᠲᠣ ᠦᠶ᠎ᠡ ᠳᠤ ᠰᠣᠶᠣᠯ ᠤᠨ ᠢᠲᠡᠭᠡᠯ ᠲᠡᠭᠦᠯᠳᠡᠷ ᠰᠢᠨ᠎ᠡ ᠴᠠᠭ ᠦᠶ᠎ᠡ ᠶᠢᠨ ᠦᠭᠡ ᠬᠡᠯᠡ ᠶᠢ ᠤᠯᠠᠮᠵᠢᠯᠠᠵᠤ ᠪᠠᠶᠢᠨ᠎ᠠ᠂ ᠤᠳᠤᠮᠰᠢᠯ ᠤᠨ ᠪᠤᠰᠤ ᠵᠠᠯᠭᠠᠮᠵᠢᠯᠠᠭᠴᠢ ᠪᠣᠯᠤᠭᠰᠠᠨ ᠤ ᠬᠤᠪᠢ ᠳᠤ ᠤᠯᠠᠮᠵᠢᠯᠠᠯᠲᠤ ᠭᠠᠷ ᠤᠷᠠᠯᠠᠯ ᠢ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠬᠠᠷᠢᠭᠤᠴᠠᠯᠭ᠎ᠠ ᠪᠠ ᠡᠭᠦᠷᠭᠡ ᠲᠠᠢ ᠶᠤᠮ ᠭᠡᠵᠡᠶ᠃      ᠲᠤᠰ ᠤᠳᠠᠭᠠᠨ ᠤ ᠰᠣᠶᠣᠯ ᠤᠨ ᠦᠵᠡᠰᠬᠦᠯᠡᠩ ᠤᠨ ᠴᠤᠭᠯᠠᠭᠠᠨ ᠳᠤ᠂ ᠬᠥᠯᠥᠨ ᠪᠤᠶᠢᠷ ᠤᠨ ᠦᠵᠡᠭᠦᠯᠦᠯᠭᠡ ᠶᠢᠨ ᠲᠢᠩᠬᠢᠮ ᠤᠨ ᠬᠢᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠤᠨ ᠤᠯᠠᠮᠵᠢᠯᠠᠭᠴᠢ ᠳ᠋ᠦ᠋ ᠶᠧ ᠮᠧᠢ ᠶᠢᠨ 23 ᠮᠧᠲᠷ ᠣᠷᠳᠣ  ᠴᠠᠭᠠᠰᠤᠨ ᠬᠠᠶᠢᠴᠢᠯᠠᠮᠠᠯ  ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠰ︾ ᠤᠨ ᠵᠢᠷᠤᠭ ᠲᠥᠯᠥᠪᠯᠡᠭᠡ ᠶᠢ ᠶᠡᠷᠦᠩᠬᠡᠢ ᠪᠠᠶᠢᠷᠢᠰᠢᠭᠤᠯᠤᠯᠲᠠ ᠶᠢᠨ ᠴᠢᠬᠤᠯᠠ ᠬᠡᠰᠡᠭ ᠪᠣᠯᠭᠠᠪᠠ᠃ ᠰᠦᠷ ᠵᠢᠪᠬᠤᠭ᠎ᠠ ᠲᠠᠢ ᠤᠯᠠᠭᠠᠨ ᠴᠠᠭᠠᠰᠤᠨ ᠬᠠᠶᠢᠴᠢᠯᠠᠮᠠᠯ ︽ᠠᠪᠤᠷᠭᠤ ᠯᠣᠣ︾ ᠦᠵᠡᠭᠦᠯᠦᠯᠭᠡ ᠶᠢᠨ ᠲᠣᠭᠤᠷᠢᠭ ᠤᠨ ᠳᠡᠭᠡᠷ᠎ᠡ ᠲᠠᠯ᠎ᠠ ᠳᠤ ᠡᠷᠭᠢᠯᠳᠦᠵᠦ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠬᠥᠪᠡᠭᠦᠳ ᠥᠬᠢᠳ ᠠᠪᠤᠷᠭᠤ ᠯᠣᠣ ᠶᠢᠨ ᠨᠢᠷᠤᠭᠤ ᠶᠢ ᠭᠠᠷ ᠬᠤᠯᠪᠣᠨ ᠲᠤᠯᠭᠠᠭᠤᠷᠢᠯᠠᠵᠤ᠂ ᠦᠨᠳᠦᠰᠦᠲᠡᠨ ᠪᠦᠯᠬᠦᠮᠳᠡᠨ ᠨᠢᠭᠡᠳᠴᠦ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ ᠬᠥᠭᠵᠢᠯ ᠪᠠᠳᠠᠷᠠᠯᠲᠤ ᠪᠠᠶᠢᠳᠠᠯ ᠢ ᠭᠦᠢᠴᠡᠳ ᠢᠯᠡᠷᠡᠭᠦᠯᠪᠡ᠃      ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠳᠤ᠂ ᠴᠠᠭᠠᠰᠤᠨ ᠬᠠᠶᠢᠴᠢᠯᠠᠮᠠᠯ᠂ ᠨᠠᠷᠢᠯᠢᠭ ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠲᠤᠬᠠᠢ ᠶᠢᠨ ᠲᠠᠯᠠᠪᠠᠢ ᠳᠤ  ᠣᠷᠠᠯᠠᠨ ᠵᠣᠬᠢᠶᠠᠵᠣ᠂ ᠤᠯᠠᠨ ᠲᠦᠮᠡᠨ ᠤ ᠪᠠᠭ᠋ᠠᠷᠬᠠᠯ ᠢ ᠲᠠᠲᠠᠪᠠ᠃ ᠴᠠᠭᠠᠰᠤᠨ ᠬᠠᠶᠢᠴᠢᠯᠠᠮᠠᠯ ᠤᠨ ᠵᠢᠷᠤᠭ ᠳᠦᠷᠰᠦ ᠨᠢ ᠭᠤᠶᠢᠳᠠ ᠰᠠᠶᠢᠬᠠᠨ᠂ ᠠᠮᠢᠳᠤᠯᠢᠭ ᠳᠦᠷᠰᠦᠯᠢᠭ᠂ ᠠᠭᠤᠯᠠ ᠤᠰᠤᠨ ᠤ ᠦᠵᠡᠮᠵᠢ ᠶᠢ ᠵᠢᠷᠤᠭᠯᠠᠨ᠂ ᠴᠡᠴᠡᠭ ᠰᠢᠪᠠᠭᠤᠨ ᠤ ᠳᠦᠷᠢ ᠶᠢᠨ ᠨᠠᠷᠢᠯᠢᠭ ᠵᠢᠷᠤᠭ ᠤᠨ ᠲᠥᠷᠥᠯ  ᠵᠦᠢᠯ ᠣᠯᠠᠨ᠂ ᠦᠨᠳᠦᠰᠦᠲᠡᠨ ᠤ ᠣᠨᠴᠠᠯᠢᠭ  ᠶᠢ ᠪᠠᠳᠠᠷᠠᠭᠤᠯᠣᠨ᠂  ᠰᠠᠶᠢᠨ ᠰᠠᠶᠢᠬᠠᠨ ᠢᠷᠦᠭᠡᠯ  ᠪᠢᠯᠬᠠᠮ᠎ᠠ‌‍ᠰᠠᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ ᠤᠨ ᠨᠡᠷᠡᠨ ᠬᠤᠸᠠᠷᠲᠤ ᠭᠠᠷ ᠤᠷᠠᠯᠠᠯ ᠤᠨ ᠪᠦᠲᠦᠭᠡᠭᠳᠡᠬᠦᠨ ᠵᠢᠴᠢ ᠬᠥᠯᠥᠨ ᠪᠤᠶᠢᠷ ᠤᠨ ᠮᠠᠨᠤ ᠥᠩᠭᠡᠲᠦ ᠬᠠᠰ ᠴᠤ ᠰᠠᠶᠢᠨ ᠦᠨᠡᠯᠡᠯᠲᠡ ᠶᠢ ᠭᠥᠷᠳᠡᠭᠰᠡᠨ ᠪᠠᠶᠢᠨ᠎ᠠ᠃      5 ᠡᠳᠦᠷ ᠶᠠᠪᠤᠭᠳᠠᠭᠰᠠᠨ ᠦᠵᠡᠰᠬᠦᠯᠡᠩ ᠳᠤ᠂ ᠵᠠᠯᠠᠨ ᠠᠶᠢᠯ ᠬᠤᠳᠠ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠬᠥᠭᠵᠢᠶᠡᠨᠲᠡᠢ ᠪᠠᠶᠢᠵᠤ᠂ ᠤᠳᠤᠮᠰᠢᠯ ᠤᠨ ᠪᠤᠰᠤ ᠵᠠᠯᠭᠠᠮᠵᠢᠯᠠᠭᠴᠢ ᠳ᠋ᠦ᠋ ᠶᠧ ᠮᠧᠢ ᠶᠢᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠨ ᠪᠣᠷᠣᠯᠠᠭᠤᠯᠭ᠎ᠠ 767 ᠪᠠᠶᠢᠵᠤ᠂ ᠡᠭᠦᠨ ᠳᠤ 60 ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠰᠢᠶᠠᠩᠭᠠᠩ ᠳᠤ ᠬᠦᠷᠭᠡᠵᠦ ᠳᠡᠯᠭᠡᠨ ᠦᠵᠡᠭᠦᠯᠵᠦ᠂ ᠨᠠᠷᠢᠯᠢᠭ ᠵᠢᠷᠤᠭ ᠤᠨ ᠪᠣᠷᠣᠯᠠᠭᠤᠯᠭ᠎ᠠ 180 ᠭᠠᠷᠤᠢ ᠪᠠᠶᠢᠵᠤ᠂ ᠰᠠᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ ᠤᠨ ᠨᠡᠷᠡᠨ ᠬᠤᠸᠠᠷ ᠲᠤᠬᠠᠢ ᠶᠢᠨ ᠲᠠᠯᠠᠪᠠᠢ ᠳᠤ 360 ᠭᠠᠷᠤᠢ ᠪᠤᠢ᠃ ᠲᠤᠬᠠᠶ ᠶᠢᠨ ᠲᠠᠯᠠᠪᠠᠶ ᠳᠤ 1319 ᠪᠦᠲᠦᠭᠡᠯ ᠠᠮᠵᠢᠯᠲᠠ ᠲᠠᠢ ᠪᠠᠷ ᠠᠷᠠᠯᠵᠢᠶᠠᠯᠠᠵᠤ᠂ ᠪᠣᠷᠣᠯᠠᠭᠤᠯᠭ᠎ᠠ ᠶᠢᠨ ᠬᠡᠮᠵᠢᠶ᠎ᠡ 76740 ᠲᠥᠭᠦᠷᠢᠭ᠂ ᠭᠡᠷ᠎ᠡ ᠶᠢᠨ ᠵᠠᠬᠢᠶᠠᠯᠠᠭ᠎ᠠ ᠶᠢᠨ ᠲᠤᠭ᠎ᠠ10500  ᠲᠥᠭᠦᠷᠢᠭ᠂33400ᠲᠥᠭᠦᠷᠢᠭ ᠤᠨ ᠭᠡᠷ᠎ᠡ ᠲᠣᠭᠲᠠᠭᠰᠠᠨ ᠪᠠᠶᠢᠨ᠎ᠠ᠃      ᠳᠤᠮᠳᠠᠳᠤ ᠶᠢᠨ ᠪᠣᠯᠪᠠᠰᠤᠨ ᠢ ᠡᠳ᠋ᠯᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠢᠷᠠᠭᠤ ᠠᠯᠳᠠᠷ ᠢ ᠤᠯᠠᠮᠵᠢᠯᠠᠨ ᠵᠠᠯᠭᠠᠮᠵᠢᠯᠠᠨ᠎ᠠ᠃ ᠲᠣᠰ ᠤᠳᠠᠭᠠᠨ ᠤ ᠰᠣᠶᠣᠯ ᠤᠨ ᠦᠵᠡᠰᠬᠦᠯᠡᠩ ᠤᠨ ᠴᠤᠭᠯᠠᠭᠠᠨ ᠨᠢ ᠵᠠᠯᠠᠨ ᠠᠶᠢᠯ ᠤᠨ ᠰᠣᠶᠣᠯ ᠤᠨ ᠠᠵᠤ ᠦᠢᠯᠡᠰ  ᠤᠨ ᠬᠥᠭᠵᠢᠯᠲᠡ ᠪᠠ ᠤᠯᠠᠮᠵᠢᠯᠠᠯ ᠳᠤ ᠰᠢᠯᠢᠳᠡᠭ ᠲᠠᠪᠴᠠᠩ ᠡᠭᠦᠳᠦᠨ ᠥᠭᠴᠦ᠂ ᠵᠠᠯᠠᠨ ᠠᠶᠢᠯ ᠬᠤᠲᠠ ᠶᠢᠨ ᠰᠣᠶᠣᠯ ᠤᠨ ᠠᠵᠤ ᠦᠢᠯᠡᠰ ᠤᠨ ᠲᠥᠷᠥᠯ  ᠵᠦᠢᠯ ᠢ ᠰᠢᠨ᠎ᠡ ᠴᠠᠭ ᠦᠶ᠎ᠡ ᠳᠤ ᠰᠢᠨ᠎ᠡ ᠬᠡᠷᠡᠯ ᠭᠢᠯᠪᠠᠭ᠎ᠠ ᠪᠠ ᠠᠮᠢᠵᠢᠷᠠᠯ ᠤᠨ ᠬᠦᠴᠦᠨ ᠲᠠᠢ ᠪᠣᠯᠭᠠᠵᠠᠶ᠃      ᠲᠠᠷᠠᠭᠠᠴᠢ ᠶᠢᠨ ᠠᠯᠬᠤᠮ ᠳᠤ᠂ ᠵᠠᠯᠠᠨ ᠠᠶᠢᠯ ᠬᠤᠲᠠ ᠶᠢᠨ ᠰᠣᠶᠣᠯ ᠪᠡᠶ᠎ᠡ ᠲᠠᠮᠢᠷ ᠵᠢᠨ‌ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠢᠨ ᠤᠳᠤᠮᠰᠢᠯ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠥᠷᠨᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠲᠣᠭᠯᠠᠯᠲᠠ ᠶᠢ ᠵᠣᠬᠢᠶᠠᠨ ᠪᠠᠶᠢᠭᠤᠯᠬᠤ ᠪᠠ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠂ ᠤᠬᠠᠭᠤᠯᠤᠨ ᠲᠠᠨᠢᠯᠴᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠯᠠᠨ ᠲᠦᠮᠡᠨ ᠤ ᠲᠣᠭᠤᠷᠢᠨ ᠦᠵᠡᠬᠦ᠂ ᠬᠠᠷᠢᠯᠴᠠᠨ ᠬᠥᠳᠡᠯᠦᠯᠴᠡᠬᠦ᠂ ᠪᠡᠶᠡᠴᠢᠯᠡᠨ ᠣᠶᠢᠯᠠᠭᠠᠬᠤ᠂ ᠰᠤᠷᠤᠯᠴᠠᠬᠤ ᠵᠡᠷᠭᠡ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠵᠤ᠂ ᠪᠣᠳᠠᠰ ᠤᠨ ᠪᠤᠰᠤ ᠰᠣᠶᠣᠯ ᠤᠨ ᠥᠪ ᠢ ᠵᠠᠯᠠᠨ ᠠᠶᠢᠯ ᠬᠤᠲᠠ ᠶᠢᠨ ᠢᠷᠠᠭᠤ ᠰᠠᠶᠢᠬᠠᠨ ᠰᠣᠶᠣᠯ ᠤᠨ ᠨᠡᠷ᠎ᠡ ᠶᠢᠨ ᠬᠠᠭᠤᠳᠠᠰᠤ ᠪᠣᠯᠭᠠᠨ᠎ᠠ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ