ᠱᠧᠨᠵᠧᠨ ᠬᠤᠲᠠ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠭᠠᠷ ᠬᠤᠯᠪᠣᠯᠴᠠᠨ ︽ᠪᠢᠯᠢᠭ ᠤᠨ ᠨᠢᠳᠦ ᠪᠠᠷ ᠳᠤᠮᠳᠠᠳᠤ ᠤᠯᠤᠰ ᠢ ᠬᠠᠷᠠᠨ᠎ᠠ︾ — ︽ᠵᠠᠯᠠᠨ ᠠᠶᠢᠯ ᠬᠤᠲᠠ · ᠪᠣᠳᠠᠰ ᠤᠨ ᠪᠤᠰᠤ ᠰᠣᠶᠣᠯ ᠤᠨ ᠥᠪ ᠤᠨ ᠰᠡᠭᠦᠳᠡᠷᠯᠡᠯᠲᠡ︾
ᠨᠡᠶᠢᠲᠡᠯᠡᠭᠰᠡᠨ ᠴᠠᠭ᠄
2023/8/1
      2023 ᠣᠨ ᠤ 7 ᠰᠠᠷ᠎ᠠ ᠶᠢᠨ 19      ᠤ ᠡᠳᠦᠷ ᠠᠴᠠ 20      ᠤ ᠡᠳᠦᠷ ᠪᠣᠯᠲᠠᠯ᠎ᠠ᠂ ᠱᠧᠨᠵᠧᠨ ᠬᠤᠲᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ︽ᠪᠢᠯᠢᠭ ᠤᠨ ᠨᠢᠳᠦ ᠪᠠᠷ ᠳᠤᠮᠳᠠᠳᠤ ᠤᠯᠤᠰ ᠢ ᠦᠵᠡᠬᠦ · ᠪᠣᠳᠠᠰ ᠤᠨ ᠪᠤᠰᠤ ᠰᠣᠶᠣᠯ ᠤᠨ ᠥᠪ ᠢ ᠦᠵᠡᠬᠦ︾ ᠰᠢᠷᠢᠰ ᠪᠠᠷᠢᠮᠲᠠᠲᠤ ᠹᠢᠯᠢᠮ ᠤᠨ ᠪᠤᠯᠤᠩ ︽ᠪᠢᠯᠢᠭ ᠤᠨ ᠨᠢᠳᠦ ᠪᠠᠷ ᠳᠤᠮᠳᠠᠳᠤ ᠤᠯᠤᠰ ᠢ ᠦᠵᠡᠬᠦ︾ ᠺᠢᠨᠣ᠋  ᠤᠶᠢᠯᠡᠳᠦᠭᠴᠢ ᠴᠧᠨ ᠬᠤᠶ ᠹᠠᠩ ᠨᠠᠷ ᠵᠠᠯᠠᠨ ᠠᠶᠢᠯ ᠬᠤᠲᠠ ᠳᠤ ᠬᠦᠷᠴᠦ ᠫᠷᠤᠭ᠍ᠷᠠᠮ ᠰᠢᠩᠭᠡᠭᠡᠨ ᠰᠡᠭᠦᠳᠡᠷᠯᠡᠪᠡ᠃      ︽ᠪᠢᠯᠢᠭ ᠤᠨ ᠨᠢᠳᠦ ᠪᠠᠷ ᠳᠤᠮᠳᠠᠳᠤ ᠤᠯᠤᠰ ᠢ ᠬᠠᠷᠠᠬᠤ︾ ᠪᠣᠯ ᠱᠧᠨᠵᠧᠨ ᠤ ᠾᠦᠢ ᠯᠢᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠰᠡᠭᠦᠳᠡᠷᠯᠡᠨ  ᠤᠶᠢᠯᠡᠳᠦᠭᠰᠡᠨ ︽ᠳᠤᠮᠳᠠᠳᠤ ᠤᠯᠤᠰ ᠤᠨ ᠦᠨ᠎ᠡ ᠥᠷᠲᠡᠭ᠂ ᠰᠣᠶᠣᠯ ᠤᠨ ᠰᠤᠳᠠᠰᠤ ᠶᠢᠨ ᠤᠯᠠᠮᠵᠢᠯᠠᠯ᠂ ᠬᠠᠶᠢᠷ᠎ᠠ ᠰᠡᠳᠬᠢᠯᠭᠡ ᠶᠢᠨ ᠤᠯᠠᠮᠵᠢᠯᠠᠯ᠂ ᠰᠣᠶᠣᠯ ᠤᠨ ᠵᠢᠭᠤᠯᠴᠢᠯᠠᠯ ᠤᠨ ᠬᠥᠭᠵᠢᠯᠲᠡ︾ ᠪᠠᠷ ᠪᠠᠶᠢᠷᠢ ᠲᠣᠭᠲᠠᠭᠠᠯᠲᠠ ᠪᠣᠯᠭᠠᠭᠰᠠᠨ ᠬᠤᠲᠠ ᠶᠢᠨ ᠬᠥᠮᠦᠨ ᠰᠣᠶᠣᠯ ᠤᠨ ᠵᠢᠭᠤᠯᠴᠢᠯᠠᠯ ᠤᠨ ᠬᠠᠶᠢᠯᠲᠠ ᠪᠠ ᠠᠮᠢᠳᠤᠷᠠᠯ ᠤᠨ ᠬᠠᠶᠢᠯᠲᠠ ᠶᠢᠨ ᠲᠥᠷᠥᠯ ᠤᠨ ᠪᠠᠷᠢᠮᠲᠠᠲᠤ ᠹᠢᠯᠢᠮ ᠤᠨ ᠫᠷᠤᠭ᠍ᠷᠠᠮ ᠶᠤᠮ᠃ ᠲᠣᠰ ᠤᠳᠠᠭᠠᠨ ᠤ ᠰᠡᠭᠦᠳᠡᠷᠯᠡᠬᠦ ᠠᠵᠢᠯᠯᠠᠭ᠎ᠠ ᠨᠢ ᠫᠷᠤᠭ᠍ᠷᠠᠮ ᠤᠨ ᠳᠤᠭᠤᠶᠢᠯᠠᠩ ᠤᠨ ᠦᠵᠡᠭᠳᠡᠯ ᠢᠶᠠᠷ ᠳᠠᠮᠵᠢᠭᠤᠯᠤᠨ ᠵᠠᠯᠠᠨ ᠠᠶᠢᠯ ᠬᠤᠲᠠ ᠶᠢᠨ ᠬᠡᠰᠡᠭ ᠪᠣᠳᠠᠰ ᠤᠨ ᠪᠤᠰᠤ ᠰᠣᠶᠣᠯ ᠤᠨ ᠥᠪ ᠤᠨ   ᠵᠤᠶᠢᠯᠡᠰ ᠵᠢᠴᠢ ᠪᠠᠶᠢᠭᠠᠯᠢ ᠶᠢᠨ ᠬᠥᠮᠦᠨ ᠰᠣᠶᠣᠯ ᠤᠨ ᠦᠵᠡᠮᠵᠢ ᠶᠢ ᠳᠡᠯᠭᠡᠨ ᠦᠵᠡᠭᠦᠯᠬᠦ ᠪᠣᠯᠤᠨ᠎ᠠ᠃      ᠲᠤᠰ ᠤᠳᠠᠭ᠎ᠠ ᠶᠢᠨ ᠰᠡᠭᠦᠳᠡᠷᠯᠡᠯᠲᠡ ᠳᠤ᠂ ︽ᠪᠢᠯᠢᠭ ᠤᠨ ᠨᠢᠳᠦ ᠪᠠᠷ ᠳᠤᠮᠳᠠᠳᠤ ᠤᠯᠤᠰ ᠢ ᠬᠠᠷᠠᠬᠤ︾ ᠪᠤᠯᠤᠩ ᠤᠨ ᠬᠢᠨ ᠵᠠᠯᠠᠨ ᠠᠶᠢᠯ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠪᠣᠯᠤᠨ ᠤᠳᠤᠮᠰᠢᠯ ᠤᠨ ᠪᠤᠰᠤ ᠬᠥᠮᠦᠰ ᠤᠨ ᠦᠯᠢᠭᠡᠷ ᠢ ᠳᠤᠷᠠᠨᠳᠠᠭᠤᠷ ᠢᠶᠠᠷ ᠲᠡᠮᠳᠡᠭᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠳᠡᠯᠭᠡᠨ ᠦᠵᠡᠭᠦᠯᠵᠡᠢ᠃ ᠲᠣᠰ ᠤᠳᠠᠭᠠᠨ ᠤ ᠰᠡᠭᠦᠳᠡᠷᠯᠡᠬᠦ ᠠᠵᠢᠯᠯᠠᠭ᠎ᠠ ᠪᠠᠷ ᠳᠠᠮᠵᠢᠭᠤᠯᠤᠨ᠂ ᠨᠠᠩ ᠣᠯᠠᠨ ᠬᠥᠮᠦᠰ ᠲᠤ ᠲᠠᠲᠠᠬᠤ ᠬᠦᠴᠦᠨ ᠲᠠᠢ ᠵᠠᠯᠠᠨ ᠢ ᠲᠠᠨᠢᠭᠤᠯᠵᠤ᠂ ᠣᠶᠢᠯᠠᠭᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠣᠶᠢᠯᠠᠭᠠᠭᠤᠯᠬᠤ ᠶᠢ ᠬᠦᠰᠡᠵᠦ ᠪᠠᠶᠢᠨ᠎ᠠ ᠭᠡᠵᠡᠶ᠃ 
ᠢᠷᠡᠯᠲᠡ᠄ ᠲᠣᠲᠣᠷᠬᠠᠢ ᠦᠭᠡᠢ