ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ︽ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠵᠤ ᠬᠢᠯᠢ ᠬᠢᠵᠠᠭᠠᠷ ᠢ ᠰᠠᠬᠢᠨ ᠬᠠᠮᠠᠭᠠᠯᠠᠯᠲᠠ ᠶᠢ ᠪᠠᠬᠢᠵᠢᠭᠦᠯᠬᠦ︾ ᠲᠣᠬᠤᠨᠢᠭᠤᠯᠬᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/1
      ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 96 ᠵᠢᠯ ᠤᠨ ᠣᠶ᠂ ᠶᠠᠨ ᠠᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠤ 80 ᠵᠢᠯ ᠤᠨ ᠣᠶ ᠶᠢ ᠳᠤᠷᠠᠰᠬᠠᠬᠤ ᠲᠠᠰᠢᠷᠠᠮ ᠳᠤ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠢ ᠬᠠᠮᠲᠤ ᠪᠠᠷ ᠪᠠᠶᠢᠭᠤᠯᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠬᠤ ᠶᠢᠨ ᠲᠥᠯᠥᠭᠡ᠂ 7 ᠰᠠᠷ᠎ᠠ ᠶᠢᠨ 28      ᠤ ᠡᠳᠦᠷ᠂ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ ᠲᠤᠰ ᠭᠠᠵᠠᠷ ᠤᠨ ᠰᠠᠭᠤᠭ᠎ᠠ ᠴᠡᠷᠢᠭ ᠠᠩᠬᠢ ᠳᠤ ︽ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠵᠤ ᠬᠢᠯᠢ ᠶᠢ ᠰᠠᠬᠢᠵᠤ ᠬᠠᠮᠠᠭᠠᠯᠠᠯᠲᠠ ᠶᠢ ᠪᠠᠬᠢᠵᠢᠭᠦᠯᠬᠦ︾ ᠲᠣᠬᠤᠨᠢᠭᠤᠯᠬᠤ ᠲᠣᠭᠯᠠᠯᠲᠠ ᠥᠷᠨᠢᠭᠦᠯᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ  ᠠᠴᠠ︽ᠦᠨᠡᠨ ᠬᠠᠭᠤᠷᠮᠠᠭ ᠡᠷ᠎ᠡ ᠡᠮ᠎ᠡ︾ ᠭᠡᠬᠦ ᠱᠤᠭ ᠵᠦᠴᠦᠭᠡ ᠂ ︽ᠡᠭᠦᠷᠭᠡ ᠬᠠᠷᠢᠭᠤᠴᠠᠯᠭ᠎ᠠ ᠶᠢᠨ ᠠᠮᠠᠯᠠᠯᠲᠠ︾᠂ ︽ᠴᠡᠷᠢᠭ ᠤᠨ ᠬᠥᠮᠦᠨ ᠤ ᠲᠥᠯᠥᠭᠡ ᠬᠤᠨᠳᠠᠭ᠎ᠠ ᠡᠷᠭᠦᠶ᠎ᠡ︾᠂ ︽ᠠᠶᠠᠯᠠᠯ ᠤᠨ ᠵᠠᠮᠴᠢᠯᠠᠭ᠎ᠠ︾᠂ ︽ᠮᠠᠯᠴᠢᠨ ᠡᠪ ᠬᠠᠮᠲᠤ ᠨᠠᠮ ᠢᠶᠠᠨ ᠳᠠᠭᠤᠯᠠᠨ᠎ᠠ︾᠂ ︽ᠣᠷᠭᠢᠯᠤᠮ᠎ᠠ ᠰᠡᠳᠬᠢᠯᠭᠡ ᠲᠠᠢ ᠲᠠᠯ᠎ᠠ ᠨᠤᠲᠤᠭ︾ ᠵᠡᠷᠭᠡ 14 ᠰᠣᠳᠣᠨ ᠤᠷᠠᠨ ᠰᠠᠶᠢᠬᠠᠨ ᠤ ᠲᠣᠭᠯᠠᠯᠲᠠ ᠶᠢ ᠲᠣᠭᠯᠠᠵᠤ ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠬᠠᠯᠠᠭᠤᠨ ᠤᠭᠲᠤᠯᠭ᠎ᠠ ᠶᠢ ᠣᠯᠵᠤ᠂ ᠬᠠᠯᠠᠭᠤᠨ ᠠᠯᠠᠭ᠎ᠠ ᠲᠠᠰᠢᠯᠳᠠ ᠶᠢ ᠤᠯᠪᠠ᠃      ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳ ᠪᠠᠳᠠᠷᠠᠭᠤᠯᠵᠤ᠂ ᠲᠣᠰ ᠭᠠᠵᠠᠷ ᠣᠷᠣᠨ ᠤ ᠴᠡᠷᠢᠭ ᠠᠩᠭᠢ ᠯᠤᠭ᠎ᠠ ᠣᠷᠳᠣ ᠬᠤᠭᠤᠴᠠᠭ᠎ᠠ ᠪᠠᠷ ᠬᠠᠮᠲᠤ ᠪᠠᠷ ᠪᠠᠶᠢᠭᠤᠯᠬᠤ ᠲᠣᠭᠲᠠᠴᠠ ᠶᠢ ᠪᠠᠶᠢᠭᠤᠯᠤᠨ᠂ ᠰᠠᠭᠤᠭ᠎ᠠ ᠭᠠᠵᠠᠷ ᠤᠨ ᠴᠡᠷᠢᠭ ᠠᠩᠭᠢ ᠯᠤᠭ᠎ᠠ ᠶᠢᠨ ᠰᠣᠶᠣᠯ ᠤᠨ ᠨᠥᠬᠦᠷᠯᠡᠯ ᠢᠶᠠᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠪᠠᠲᠤ ᠪᠠᠬᠢ ᠰᠠᠭᠤᠷᠢ ᠶᠢ ᠪᠠᠲᠤᠳᠬᠠᠨ᠂ ᠡᠬᠡ ᠤᠯᠤᠰ ᠤᠨ ᠨᠠᠩ ᠴᠡᠴᠡᠭᠯᠡᠨ ᠬᠥᠭᠵᠢᠬᠦ ᠳᠤ ᠬᠦᠴᠦᠨ ᠴᠢᠳᠠᠯ ᠢᠶᠠᠨ ᠡᠷᠭᠦᠵᠦ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠬᠤ ᠬᠡᠷᠡᠭᠲᠡᠶ᠃   
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ