ᠵᠠᠯᠠᠨ ᠠᠶᠢᠯ ᠬᠤᠲᠠ ᠶᠢᠨ ᠴᠡᠷᠢᠭ ᠤᠨ ᠠᠯᠪᠠᠡᠴᠠ ᠬᠠᠯᠠᠭᠳᠠᠭᠰᠠᠳ ᠤᠨ ᠠᠵᠢᠯ ᠣᠯᠵᠤ ᠠᠳᠠᠯ ᠤᠶᠢᠯᠡᠰ ᠴᠣᠭᠴᠠᠯᠠᠬᠤ ᠦᠶ᠋ᠯᠡᠴᠢᠯᠡᠭᠡᠨ ᠤ ᠠᠵᠢᠯ ᠢ | ᠰᠠᠶᠢᠳᠦᠷ ᠬᠢᠵᠦ᠂ ᠴᠡᠷᠢᠭ ᠤᠨ ᠠᠯᠪᠠᠡᠴᠠᠬᠠᠯᠠᠭᠳᠠᠭᠰᠠᠳ ᠤᠨ ᠠᠵᠢᠯ ᠤᠯᠬᠤ ᠠᠷᠭ᠎ᠠ ᠵᠠᠮ ᠢ ᠥᠷᠭᠡᠳᠬᠡᠨ᠂ ᠴᠡᠷᠢᠭ ᠠᠴᠠ ᠬᠠᠯᠠᠭᠳᠠᠭᠰᠠᠳ ᠤᠨ ᠨᠠᠩ ᠭᠦᠢᠴᠡᠳ | ᠨᠠᠩ ᠴᠢᠨᠠᠷ ᠰᠠᠶᠢᠲᠠᠶ ᠠᠵᠢᠯ ᠤᠯᠬᠤ ᠶᠢ ᠠᠬᠢᠭᠤᠯᠬᠤ ᠶᠢᠨ ᠲᠥᠯᠥᠭᠡ᠂ 96 ᠳ᠋ᠤᠭᠠᠷ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠳᠤ᠂ | ᠵᠠᠯᠠᠨ ᠠᠶᠢᠯ ᠬᠤᠲᠠ ᠶᠢᠨ ᠬᠢᠨ ᠴᠡᠷᠢᠭ ᠤᠨ ᠠᠯᠪᠠ ᠡᠴᠠᠬᠠᠯᠠᠭᠳᠠᠭᠰᠠᠳ ᠤᠨ ᠠᠵᠢᠯ ᠤᠯᠬᠤ ᠪᠠ ᠠᠳᠠᠯ ᠤᠶᠢᠯᠡᠰ ᠴᠣᠭᠴᠠᠯᠠᠬᠤ ᠶᠢ ᠵᠢᠯᠣᠭᠤᠳᠬᠤ ᠲᠤᠰᠬᠠᠢ | ᠮᠡᠷᠭᠡᠵᠢᠯᠲᠡᠨ ᠤ ᠬᠥᠮᠥᠷᠭᠡ ᠶᠢ ᠡᠬᠢᠯᠡᠭᠦᠯᠵᠦ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠪᠠᠶ ᠺᠦᠶ ᠡᠬᠢᠯᠡᠯᠲᠡ ᠶᠢᠨ ᠶᠣᠰᠣᠯᠠᠯ ᠳᠤ ᠣᠷᠣᠯᠴᠠᠵᠤ | ᠶᠠᠷᠢᠶ᠎ᠠ ᠲᠠᠯᠪᠢᠪᠠ᠃ | ᠵᠠᠯᠠᠨ ᠠᠶᠢᠯ ᠬᠤᠲᠠ ᠶᠢᠨ ᠴᠡᠷᠢᠭ ᠤᠨ ᠠᠯᠪᠠᠡᠴᠠ ᠬᠠᠯᠠᠭᠳᠠᠭᠰᠠᠳ ᠤᠨ ᠠᠵᠢᠯ ᠣᠯᠵᠤ ᠠᠳᠠᠯ ᠤᠶᠢᠯᠡᠰ ᠴᠣᠭᠴᠠᠯᠠᠬᠤ ᠶᠢ ᠵᠢᠯᠣᠭᠤᠳᠬᠤ ᠲᠤᠰᠬᠠᠶ | ᠮᠡᠷᠭᠡᠵᠢᠯᠲᠡᠨ ᠤ ᠬᠥᠮᠥᠷᠭᠡ ᠶᠢ ᠪᠠᠶᠢᠭᠤᠯᠤᠭᠰᠠᠨ ᠪᠠ ᠡᠬᠢᠯᠡᠭᠦᠯᠦᠭᠰᠡᠨ ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ | ᠬᠤᠳᠠᠯᠳᠦᠭᠠᠨ ᠤ ᠡᠪᠯᠡᠯ ᠪᠠ ᠠᠵᠢᠯ ᠣᠯᠵᠤ ᠠᠳᠠᠯ ᠤᠶᠢᠯᠡᠰ ᠴᠣᠭᠴᠠᠯᠠᠬᠤ ᠶᠢᠨ ᠵᠢᠯᠣᠭᠤᠳᠣᠭᠴᠢ ᠪᠠᠭᠰᠢ ᠶᠢᠨ ᠪᠦᠯᠬᠦᠮ ᠵᠡᠷᠭᠡ ᠣᠯᠠᠨ ᠲᠠᠯ᠎ᠠ ᠶᠢᠨ ᠬᠦᠴᠦᠨ ᠢ | ᠭᠦᠢᠴᠡᠳ ᠪᠠᠳᠠᠷᠠᠭᠤᠯᠵᠤ᠂ ᠤᠯᠤᠰ ᠤᠨ ᠴᠡᠷᠢᠭ ᠤᠨ ᠠᠯᠪᠠᠡᠴᠠ ᠬᠠᠯᠠᠭᠳᠠᠭᠰᠠᠳᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠᠡᠴᠠ ᠬᠠᠯᠠᠭᠳᠠᠭᠰᠠᠳ ᠤᠨ ᠠᠵᠢᠯ ᠣᠯᠵᠤ | ᠠᠳᠠᠯ ᠤᠶᠢᠯᠡᠰ ᠴᠣᠭᠴᠠᠯᠠᠬᠤ ᠶᠢ ᠪᠥᠬᠦ ᠲᠠᠯ᠎ᠠ ᠪᠠᠷ ᠠᠬᠢᠭᠤᠯᠵᠤ ᠴᠢᠳᠠᠨ᠎ᠠ᠃ ᠲᠣᠰ ᠤᠳᠠᠭᠠᠨ ᠤ ᠠᠵᠢᠯᠯᠠᠭ᠎ᠠ ᠳᠤ ᠤᠷᠢᠭᠳᠠᠭᠰᠠᠨ ᠲᠤᠰᠬᠠᠶ ᠮᠡᠷᠭᠡᠵᠢᠯᠲᠡᠨ ᠳᠤ | ᠤᠷᠢᠨ ᠬᠡᠷᠡᠭᠯᠡᠬᠦ ᠦᠨᠡᠮᠯᠡᠯ ᠣᠯᠭᠤᠬᠤ ᠶᠢᠨ ᠬᠠᠮᠲᠤ ᠴᠡᠷᠢᠭ ᠤᠨ ᠠᠯᠪᠠᠡᠴᠠ ᠬᠠᠯᠠᠭᠳᠠᠭᠰᠠᠳ ᠪᠠᠶᠢᠯᠳᠤᠭᠴᠢᠳ ᠤᠨ ᠡᠭᠦᠳᠦᠨ ᠡᠷᠬᠢᠯᠡᠭᠰᠡᠨ ᠠᠵᠤ | ᠠᠬᠤᠶᠢᠯᠠᠯ ᠤᠨ ᠮᠧᠩ ᠳ᠋ᠦᠩ ᠤᠨ ᠳᠠᠬᠢᠯᠲᠠ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠲᠤᠬᠠᠶ ᠶᠢᠨ | ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠪᠠ᠃ | ᠸᠠᠩ ᠪᠠᠢ ᠺᠦᠢ ᠨᠠᠷ ᠪᠠᠰᠠ ᠴᠡᠷᠢᠭ ᠤᠨ ᠠᠯᠪᠠᠡᠴᠠ ᠬᠠᠯᠠᠭᠳᠠᠭᠰᠠᠳ ᠯᠢ ᠱᠦ᠋ ᠲᠢᠩ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ | ᠰᠠᠶᠢᠨ ᠳᠤᠷ᠎ᠠ ᠶᠢᠨ ᠴᠡᠷᠢᠭ ᠤᠨ ᠪᠠᠶᠢᠯᠳᠤᠭᠴᠢ ᠭᠧᠩ ᠴᠠᠩ ᠯᠢᠨ ᠢ ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠪᠣᠳᠠᠰ ᠪᠣᠯᠤᠨ ᠪᠠᠶᠠᠷ ᠤᠨ ᠡᠳᠦᠷ ᠤᠨ ᠵᠥᠩᠨᠡᠯ | ᠳᠡᠪᠰᠢᠭᠦᠯᠵᠡᠢ᠃ |