ᠵᠠᠯᠠᠨ ᠠᠶᠢᠯ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠦᠨᠳᠦᠰᠦᠨ ᠱᠠᠲᠤᠨ ᠤ ᠰᠤᠷᠭᠠᠭᠤᠯᠢ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/8/11
      ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 4      ᠤ ᠡᠳᠦᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠵᠠᠩ ᠶᠦᠩ ᠱᠧᠩ ᠬᠤᠯᠪᠣᠭᠳᠠᠯ ᠪᠥᠬᠦᠶ  ᠠᠯᠪᠡᠨ ᠲᠠᠰᠤᠭ ᠤᠨ ᠬᠠᠷᠢᠭᠤᠴᠠᠯᠭᠠᠲᠠᠨ ᠢ ᠳᠠᠭᠠᠭᠤᠯᠤᠨ ᠦᠨᠳᠦᠰᠦᠨ ᠱᠠᠲᠤᠨ ᠤ ᠰᠤᠷᠭᠠᠭᠤᠯᠢ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠪᠠ ᠰᠢᠷᠦᠭᠦᠨ ᠪᠣᠷᠣᠭᠠᠨ ᠢ ᠠᠷᠭᠠᠴᠠᠬᠤ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ᠃         ᠵᠠᠩ ᠶᠦᠩ ᠱᠧᠩ ᠨᠡᠷ ᠤᠷᠢᠳ ᠬᠤᠵᠢᠳ ᠮᠦᠭᠦᠴᠢ ᠶᠢᠨ ᠰᠠᠨ ᠾᠧ ᠪᠠᠭ᠎ᠠ ᠰᠤᠷᠭᠠᠭᠤᠯᠢ᠂ ᠮᠦᠭᠦᠴᠢ ᠶᠢᠨ ᠲᠥᠪ ᠰᠤᠷᠭᠠᠭᠤᠯᠢ᠂ ᠮᠦᠭᠦᠴᠢ ᠶᠢᠨ ᠳᠤᠮᠳᠠᠳᠤ ᠰᠤᠷᠭᠠᠭᠤᠯᠢ᠂ ᠰᠠ ᠮᠠ ᠵᠢᠶᠧ ᠶᠢᠨ ᠰᠤᠷᠭᠠᠭᠤᠯᠢ ᠵᠡᠷᠭᠡ ᠰᠤᠷᠭᠠᠭᠤᠯᠢ ᠳᠤ ᠬᠦᠷᠴᠦ᠂ ᠡᠯ᠎ᠡ ᠰᠤᠷᠭᠠᠭᠤᠯᠢ ᠶᠢᠨ ᠪᠠᠶᠢᠷᠢ ᠶᠢᠨ ᠬᠡᠷᠡᠮ᠂ ᠤᠰᠤ ᠵᠠᠯᠠᠬᠤ ᠲᠥᠬᠦᠭᠡᠷᠦᠮᠵᠢ  ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯ᠎ᠡ ᠰᠤᠷᠭᠠᠭᠤᠯᠢ ᠶᠢᠨ ᠤᠢᠢᠷ᠎ᠠ ᠶᠢᠨ ᠬᠤᠭᠤᠴᠠᠭᠠᠨ ᠤ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠯᠠᠪᠯᠠᠨ ᠠᠰᠠᠭᠤᠭᠰᠠᠨ ᠪᠥᠭᠡᠳ ᠤᠰᠤᠨ ᠳᠤ ᠵᠢᠪᠬᠦ ᠶᠢ ᠰᠡᠷᠭᠡᠶᠢᠯᠡᠬᠦ ᠲᠤᠰᠬᠠᠢ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠵᠠᠩ ᠶᠦᠩ ᠱᠧᠩ ᠵᠢᠭᠠᠵᠤ ᠭᠠᠷᠭᠠᠭᠰᠠᠨ ᠨᠢ᠂ ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠥᠬᠡᠶ᠂ ᠠᠮᠤᠷ ᠲᠦᠪᠰᠢᠨ ᠳᠤ ᠲᠠᠶᠢᠱᠠᠨ ᠠᠭᠤᠯᠠ ᠠᠴᠠ ᠬᠦᠨᠳᠦ ᠪᠠᠶᠢᠳᠠᠭ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯ ᠨᠠᠩ ᠴᠤ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠵᠦᠢᠯ ᠤᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠂ ᠦᠶᠡᠷ ᠢ ᠰᠡᠷᠭᠡᠶᠢᠯᠡᠵᠦ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠪᠣᠯ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠴᠢᠬᠤᠯᠠ ᠨᠢᠭᠡ ᠭᠤᠭᠴᠤᠭ᠎ᠠ ᠮᠥᠨ ᠪᠣᠯᠬᠤᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠶ ᠪᠠᠷ ᠠᠷᠭᠠᠴᠠᠵᠤ᠂ ᠡᠭᠦᠷᠭᠡ ᠬᠠᠷᠢᠭᠤᠴᠠᠯᠭ᠎ᠠ ᠪᠠᠨ ᠬᠥᠰᠡᠷᠳᠡᠭᠦᠯᠬᠦ ᠥᠬᠡᠶ ᠪᠠᠶᠢᠬᠤ ᠬᠡᠷᠡᠭᠲᠡᠶ᠃      ᠵᠠᠩ ᠶᠦᠩ ᠱᠧᠩ ᠱᠠᠭᠠᠷᠳᠠᠭᠰᠠᠨ ᠨᠢ᠂ ᠡᠯ᠎ᠡ ᠰᠤᠷᠭᠠᠭᠤᠯᠢ ᠨᠤᠭᠤᠳ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠤᠨ᠂ ᠨᠢᠭᠡ ᠱᠠᠲᠤ ᠨᠢ ᠨᠢᠭᠡ ᠱᠠᠲᠤ ᠪᠠᠨ ᠠᠳᠬᠤᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠦᠶᠡᠷ ᠢ ᠰᠡᠷᠭᠡᠶᠢᠯᠡᠬᠦ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠢ ᠡᠷᠬᠡᠪᠰᠢ ᠴᠢᠩᠭ᠎ᠠ ᠠᠳᠬᠤᠨ ᠨᠠᠷᠢᠯᠢᠭ ᠠᠳᠬᠤᠵᠤ᠂ ᠦᠷ᠎ᠡ ᠪᠦᠲᠦᠮᠵᠢ ᠭᠠᠷᠭᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠪᠠ ᠰᠤᠷᠭᠠᠭᠤᠯᠢ ᠶᠢᠨ ᠬᠦᠷᠢᠶᠡᠨ ᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ