ᠵᠠᠯᠠᠨ ᠠᠶᠢᠯ ᠬᠤᠲᠠ᠄ ᠰᠣᠶᠣᠯ ᠤᠨ ᠠᠭᠤᠯᠤᠭᠳᠠᠬᠤᠨ ᠢ ᠵᠤᠵᠠᠭᠠᠳᠬᠠᠵᠤ ᠬᠤᠲᠠ ᠶᠢᠨ ᠲᠠᠲᠠᠬᠤ ᠬᠦᠴᠦᠨ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/8/11
      ᠲᠡᠦᠬᠡ ᠪᠠᠶᠢᠮᠠᠨᠵᠢᠨ ᠰᠠᠶ᠋ᠢ ᠠᠭᠤᠯᠤᠭᠳᠠᠬᠤᠨ ᠲᠠᠢ᠂ ᠰᠣᠶᠣᠯ ᠪᠠᠶᠢᠮᠠᠨᠵᠢᠨ ᠰᠠᠶ᠋ᠢ ᠲᠠᠲᠠᠬᠤ ᠬᠦᠴᠦᠨ ᠲᠠᠢ᠃ ᠵᠠᠯᠠᠨ ᠠᠶᠢᠯ ᠬᠤᠲᠠ ᠥᠪᠡᠷᠮᠢᠴᠡ ᠣᠨᠴᠠᠯᠢᠭ ᠪᠥᠬᠦᠶ ᠲᠡᠤᠬᠡ ᠰᠣᠶᠣᠯ ᠤᠨ ᠡᠬᠢ ᠪᠠᠶᠠᠯᠢᠭ  ᠵᠶ᠋ᠡᠨ‌‍ᠲ᠋ᠠᠭᠠᠨ ᠲᠦᠰᠢᠭᠯᠡᠨ᠂ ︽ᠤᠯᠤᠰ ᠤᠨ ᠲᠡᠤᠬᠡ ᠰᠣᠶᠣᠯ ᠤᠨ ᠨᠠᠷᠠᠲᠤ ᠬᠤᠲᠠ︾ ᠶᠢ ᠴᠢᠷᠮᠠᠶᠢᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠬᠤᠲᠠ ᠶᠢᠨ ᠴᠤᠭ ᠰᠦᠯᠳᠡ ᠶᠢ ᠬᠤᠷᠠᠮᠳᠤᠭᠤᠯᠤᠨ᠂ ᠲᠡᠤᠬᠡ ᠰᠣᠶᠣᠯ ᠢ ᠪᠠᠳᠠᠷᠠᠭᠤᠯᠵᠤ᠂ ᠬᠥᠮᠦᠨ ᠰᠣᠶᠣᠯ ᠤᠨ ᠵᠣᠷᠢᠭ ᠰᠠᠨᠠᠭ᠎ᠠ ᠪᠠᠷ ᠬᠤᠲᠠ ᠶᠢᠨ ᠲᠠᠲᠠᠬᠤ ᠬᠦᠴᠦᠨ ᠢ ᠨᠡᠮᠡᠷᠢᠯᠡᠵᠦ᠂ ᠬᠤᠲᠠ ᠶᠢᠨ ᠴᠢᠨᠠᠷ ᠴᠢᠨᠰᠠᠭ᠎ᠠ ᠶᠢᠨ ᠠᠭᠤᠯᠤᠭᠳᠠᠬᠤᠨ ᠢ ᠪᠣᠶ ᠪᠣᠯᠭᠠᠪᠠ᠃      ᠵᠠᠯᠠᠨ ᠠᠶᠢᠯ ᠬᠤᠲᠠ ᠶᠢᠨ ᠰᠡᠬᠡᠭᠡᠲᠡᠨ ᠵᠠᠯᠠᠭᠤᠴᠤᠳ ᠤᠨ ᠮᠦᠽᠧᠢ ᠶᠢᠨ ᠬᠦᠷᠢᠶᠡᠨ ᠳᠤ ᠶᠠᠪᠤᠬᠤ ᠳᠤ᠂ ᠰᠢᠨ᠎ᠡ ᠪᠠᠷ ᠳᠡᠪᠢᠰᠦᠭᠰᠡᠨ ᠶᠠᠪᠠᠭᠠᠨ ᠵᠠᠮ ᠤᠨ ᠲᠣᠭᠤᠰᠬ᠎ᠠ᠂ ᠨᠣᠮᠢᠨ ᠨᠣᠭᠤᠭᠠᠨ ᠵᠦᠯᠭᠡ ᠨᠢ ᠲᠡᠦᠬᠡ ᠰᠣᠶᠣᠯ ᠤᠨ ᠭᠦᠨ ᠵᠤᠵᠠᠭᠠᠨ ᠠᠭᠤᠷ ᠠᠮᠢᠰᠬᠤᠯ ᠤᠨ ᠳᠤᠮᠳᠠ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠨᠡᠮᠡᠷᠢᠯᠡᠨ᠎ᠡ᠃  ᠣᠶᠢᠯᠠᠭᠠᠭᠰᠠᠨ ᠢᠶᠠᠷ᠂ ᠡᠨᠡ ᠵᠢᠯ ᠳᠤᠮᠳᠠᠳᠤ ᠳᠣᠷᠣᠨᠠᠲᠤ ᠶᠢᠨ ᠲᠡᠮᠦᠷ ᠵᠠᠮ ᠤᠨ ᠪᠠᠷᠢᠯᠭ᠎ᠠ ᠶᠢᠨ ᠰᠦᠷᠦᠭᠵᠢᠯ ᠤᠨ ᠵᠦᠶ ᠵᠣᠬᠢᠰᠲᠠᠶ ᠠᠰᠢᠭᠯᠠᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠰᠣᠶᠣᠯ ᠤᠨ ᠵᠢᠭᠤᠯᠴᠢᠯᠠᠯ ᠤᠨ ᠠᠵᠤ  ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠬᠤ ᠶᠢᠨ ᠲᠥᠯᠥᠭᠡ ᠂ 6 ᠰᠠᠷ᠎ᠠ ᠠᠴᠠ ᠡᠬᠢᠯᠡᠨ ᠮᠦᠽᠧᠶ ᠶᠢᠨ ᠬᠡᠷ ᠪᠠᠶᠢᠰᠢᠩ ᠪᠠ ᠬᠦᠷᠢᠶ᠎ᠡ ᠬᠠᠰᠢᠶ᠎ᠠ ᠶᠢ ᠵᠠᠰᠠᠨ ᠰᠡᠯᠪᠢᠵᠦ᠂ ᠣᠳᠣᠬᠠᠨ ᠳᠤ ᠰᠡᠬᠡᠭᠡᠲᠡᠨ ᠵᠠᠯᠠᠭᠤᠴᠤᠳ ᠤᠨ ᠮᠦᠽᠧᠶ ᠳᠤ 3500ᠲᠡᠭᠰᠢ ᠳᠥᠷᠪᠡᠯᠵᠢᠨ ᠮᠧᠲᠷ ᠤᠨ ᠵᠦᠯᠭᠡ ᠳᠠᠷᠢᠵᠤ᠂2400ᠲᠡᠭᠰᠢ ᠳᠥᠷᠪᠡᠯᠵᠢᠨ ᠮᠧᠲᠷ ᠤᠨ ᠭᠠᠵᠠᠷ ᠤᠨ ᠭᠠᠳᠠᠷᠭᠤ ᠶᠢ ᠳᠡᠪᠢᠰᠴᠦ ᠳᠠᠭᠤᠰᠬᠠᠪᠠ᠃      2016 ᠣᠨ ᠳᠤ᠂ ᠵᠠᠯᠠᠨ ᠠᠶᠢᠯ ᠬᠤᠳᠠ ᠶᠢᠨ ᠳᠤᠮᠳᠠᠳᠤ ᠳᠣᠷᠣᠨᠠᠲᠤ ᠶᠢᠨ ᠳᠡᠮᠤᠷ ᠵᠠᠮ ᠤᠨ ᠠᠵᠤ ᠦᠢᠯᠡᠳᠪᠦᠷᠢ ᠶᠢᠨ ᠥᠪ ᠤᠨ ᠲᠡᠦᠬᠡ ᠰᠣᠶᠣᠯ ᠤᠨ ᠵᠡᠭᠡᠯᠢ ᠲᠣᠭᠤᠷᠢᠭ᠂ ᠵᠠᠯᠠᠨ ᠠᠶᠢᠯ ᠬᠤᠳᠠ ᠶᠢᠨ ᠳᠤᠮᠳᠠᠳᠤ ᠳᠣᠷᠣᠨᠠᠲᠤ ᠶᠢᠨ ᠳᠡᠮᠤᠷ ᠵᠠᠮ ᠤᠨ ᠵᠠᠩ ᠦᠢᠯᠡ ᠲᠡᠦᠬᠡ ᠰᠣᠶᠣᠯ ᠤᠨ ᠵᠡᠭᠡᠯᠢ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠲᠡᠦᠬᠡ ᠰᠣᠶᠣᠯ ᠤᠨ ᠵᠡᠭᠡᠯᠢ ᠲᠣᠭᠤᠷᠢᠭ ᠢᠶᠠᠷ ᠦᠨᠡᠯᠡᠵᠦ᠂ ᠵᠡᠭᠡᠯᠢ ᠲᠣᠭᠤᠷᠢᠭ ᠤᠨ ᠡᠵᠡᠯᠡᠬᠦ ᠲᠠᠯᠠᠪᠠᠢ ᠨᠢ ᠪᠠᠷᠤᠭ 111 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠥᠷᠲᠡᠭ ᠢ ᠠᠭᠤᠳᠠᠯᠬᠤ᠂ ᠪᠦᠲᠦᠮᠵᠢᠲᠡᠶ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯ ᠢ ᠠᠮᠢᠳᠤᠯᠢᠭ ᠪᠣᠯᠭᠠᠬᠤ︾ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠴᠢᠭᠯᠡᠯᠲᠡ ᠶᠢ ᠴᠢᠩᠭ᠎ᠠ ᠵᠢᠷᠤᠮᠯᠠᠵᠤ᠂ ︽ᠬᠠᠭᠤᠴᠢᠨ ᠢ ᠬᠠᠭᠤᠴᠢᠨ ᠬᠡᠪ ᠢᠶᠠᠷ ᠵᠠᠰᠠᠵᠤ᠂ ᠡᠷᠲᠡᠨ ᠤ ᠬᠢ ᠰᠢᠨ᠎ᠡ  ᠪᠠᠷ ᠡᠭᠦᠳᠬᠦ︾ ᠵᠠᠷᠴᠢᠮ ᠶᠣᠰᠣᠭᠠᠷ᠂ ᠲᠣᠭᠲᠠᠴᠠ ᠶᠢ ᠨᠢᠭᠡᠳᠦᠯᠲᠡᠶ ᠲᠥᠯᠥᠪᠯᠡᠬᠦ᠂ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ᠂ ᠲᠥᠷᠥᠯ  ᠵᠦᠢᠯ ᠢᠶᠠᠷ ᠲᠤᠯᠭᠠᠭᠤᠷᠢᠯᠠᠭᠤᠯᠬᠤ᠂ ᠲᠡᠤᠬᠡ ᠶᠢᠨ ᠰᠤᠳᠤᠯᠭᠠᠨ᠂ ᠤᠬᠠᠭᠤᠯᠭ᠎ᠠ ᠬᠥᠮᠦᠵᠢᠯ ᠤᠨ ᠲᠠᠯ᠎ᠠ ᠪᠠᠷ ︽ᠬᠠᠮ ᠠᠷᠭ᠎ᠠ︾ ᠭᠠᠷᠭᠠᠵᠤ᠂ ᠲᠡᠤᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠨ ᠰᠢᠨᠡᠳᠬᠡᠬᠦ᠂ ᠠᠮᠢᠳᠤᠯᠢᠭ ᠢᠶᠠᠷ ᠠᠰᠢᠭᠯᠠᠬᠤ ᠠᠷᠭ᠎ᠠ ᠪᠠ ᠠᠷᠭ᠎ᠠ ᠵᠠᠮ ᠢ ᠭᠦᠨᠵᠡᠭᠡᠶ ᠰᠦᠪᠡᠭᠴᠢᠯᠡᠵᠦ᠂ ᠬᠠᠮᠠᠭᠠᠯᠠᠬᠤ ᠪᠠ ᠠᠰᠢᠭᠯᠠᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠵᠠᠯᠠᠨ ᠠᠶᠢᠯ ᠬᠤᠲᠠ ᠶᠢᠨ ᠲᠡᠤᠬᠡ ᠰᠣᠶᠣᠯ ᠤᠨ ᠡᠬᠢ ᠪᠠᠶᠠᠯᠢᠭ ᠢ ᠪᠦᠲᠦᠭᠡᠯᠴᠢ ᠪᠠᠷ ᠬᠤᠪᠢᠷᠠᠭᠤᠯᠬᠤ ᠶᠢ ᠢᠳᠡᠪᠬᠢᠲᠡᠶ ᠠᠬᠢᠭᠤᠯᠤᠨ᠎ᠠ᠃      ᠡᠨᠡ ᠵᠢᠯ ᠵᠠᠯᠠᠨ ᠠᠶᠢᠯ ᠬᠤᠲᠠ ᠶᠢᠨ ᠬᠢᠨ ᠳᠤᠮᠳᠠᠳᠤ ᠤᠯᠤᠰ ᠤᠨ ᠵᠡᠭᠦᠨ ᠬᠤᠶᠢᠲᠤ ᠶᠢᠨ ᠲᠡᠮᠦᠷ ᠵᠠᠮ ᠤᠨ ᠦᠶ᠎ᠡ ᠶᠢᠨ 20 ᠭᠡᠷ ᠪᠠᠶᠢᠰᠢᠩ ᠢ ᠰᠡᠯᠪᠢᠨ ᠵᠠᠰᠠᠵᠤ ᠠᠰᠢᠭᠯᠠᠬᠤ ᠪᠠᠷ ᠲᠥᠯᠥᠪᠯᠡᠵᠦ ᠪᠠᠶᠢᠨ᠎ᠠ᠃ ᠤᠤᠯ ᠤᠨ ᠪᠠᠶᠢᠭᠰᠠᠨ ᠣᠷᠣᠰ ᠮᠠᠶ᠋ᠢᠭ ᠤᠨ ᠪᠠᠷᠢᠯᠭ᠎ᠠ ᠶᠢ ᠡᠮᠬᠢᠯᠡᠨ ᠨᠡᠶᠢᠯᠡᠭᠦᠯᠵᠦ᠂ ᠪᠦᠬᠦᠯᠢ ᠴᠣᠭᠴᠠ ᠶᠢᠨ ᠬᠡᠪ ᠨᠠᠮᠪᠠ ᠶᠢ ᠦᠨᠳᠦᠰᠦᠯᠡᠨ᠂ ᠲᠡᠭᠦᠨ ᠤ ᠲᠡᠤᠬᠡ ᠶᠢᠨ ᠳᠦᠷᠰᠦ ᠪᠠᠶᠢᠳᠠᠯ ᠢ ᠰᠡᠷᠭᠦᠭᠡᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠰᠣᠶᠣᠯ ᠰᠡᠯᠡᠭᠦᠴᠡᠯ᠂ ᠠᠷᠠᠯᠵᠢᠶ᠎ᠠ ᠬᠤᠳᠠᠯᠳᠤᠭ᠎ᠠ᠂ ᠢᠳᠡᠭᠡᠨ ᠤᠮᠳᠠᠭᠠᠨ᠂ ᠵᠢᠭᠤᠯᠴᠢᠯᠠᠯ ᠵᠢᠴᠢ ᠠᠷᠠᠳ ᠤᠨ ᠣᠷᠣᠨ ᠰᠠᠭᠤᠴᠠ ᠶᠢ ᠨᠢᠭᠡ ᠴᠤᠭᠴᠠᠵᠢᠭᠤᠯᠤᠭᠰᠠᠨ ᠲᠡᠤᠬᠡ ᠰᠣᠶᠣᠯ ᠤᠨ ᠵᠡᠭᠡᠯᠢ ᠲᠣᠭᠤᠷᠢᠭ ᠪᠣᠯᠭᠠᠨ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠵᠠᠯᠠᠨ ᠠᠶᠢᠯ ᠬᠤᠲᠠ ᠶᠢᠨ ᠰᠣᠶᠣᠯ ᠤᠨ ᠠᠵᠤ  ᠦᠢᠯᠡᠰ ᠤᠨ ᠶᠡᠭᠡ ᠬᠥᠭᠵᠢᠯᠲᠡ᠂ ᠶᠡᠭᠡ ᠴᠡᠴᠡᠭᠯᠡᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ  ᠦᠢᠯᠡᠰ‌‍ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃      ᠵᠠᠯᠠᠨ ᠠᠶᠢᠯ ᠤᠨ ᠮᠦᠽᠧᠢ ᠶᠢᠨ ᠳᠠᠷᠤᠭ᠎ᠠ ᠬᠤᠸᠠ ᠴᠦᠨ ᠯᠢ᠄ ︽ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠲᠡᠦᠬᠡ ᠶᠢᠨ ᠬᠤᠶᠠᠷ ᠵᠡᠭᠡᠯᠢ ᠲᠣᠭᠤᠷᠢᠭ ᠢ ᠢᠳᠡᠪᠬᠢᠲᠡᠶ ᠪᠠᠷ ᠴᠣᠭᠴᠠᠯᠠᠵᠤ᠂ ᠤᠤᠯ ᠤᠨ ᠪᠠᠶᠢᠭᠰᠠᠨ ᠣᠷᠣᠰ ᠮᠠᠶ᠋ᠢᠭ ᠤᠨ ᠪᠠᠷᠢᠯᠭ᠎ᠠ ᠶᠢ ᠡᠮᠬᠢᠯᠡᠨ ᠨᠡᠶᠢᠯᠡᠭᠦᠯᠵᠦ᠂ ᠡᠭᠦᠨ ᠲᠠᠢ ᠨᠡᠶᠢᠴᠡᠬᠦ ᠥᠬᠡᠶ ᠵᠠᠯᠭᠠᠮᠵᠢ ᠪᠠᠷᠢᠯᠭ᠎ᠠ ᠶᠢ ᠨᠤᠷᠠᠭᠠᠬᠤ ᠳᠤ᠂ ︽ᠲᠡᠤᠬᠡ ᠰᠣᠶᠣᠯ ᠤᠨ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠣᠰᠬᠤᠨ ᠢ ᠬᠠᠮᠠᠭᠠᠯᠠᠬᠤ ᠲᠦᠷᠢᠮ︾ ᠤᠨ ᠬᠠᠮᠠᠭᠠᠯᠠᠯᠲᠠ ᠶᠢᠨ ᠱᠠᠭᠠᠷᠳᠠᠯᠭ᠎ᠠ ᠶᠣᠰᠣᠭᠠᠷ‌‍ᠰᠡᠯᠪᠢᠨ ᠵᠠᠰᠠᠵᠤ᠂ ᠲᠡᠤᠬᠡ ᠶᠢᠨ ᠣᠭ ᠳᠦᠷᠰᠦ ᠶᠢ ᠨᠢ ᠰᠡᠷᠭᠦᠭᠡᠵᠦ᠂ ᠣᠷᠣᠰ ᠮᠠᠶ᠋ᠢᠭ ᠤᠨ ᠪᠠᠷᠢᠯᠭ᠎ᠠ ᠨᠢᠭᠡᠪᠦᠷᠢ ᠶᠢ ᠬᠡᠷᠡᠭᠯᠡᠭᠡᠨ ᠤ ᠦᠨ᠎ᠡ ᠥᠷᠲᠡᠭ ᠲᠠᠢ ᠮᠥᠷᠲᠡᠭᠡᠨ ᠪᠠᠰᠠ ᠨᠢᠭᠡ ᠦᠵᠡᠮᠵᠢ ᠪᠣᠯᠭᠠᠬᠤ ᠪᠠᠷ ᠴᠢᠷᠮᠠᠶᠢᠵᠤ᠂ ᠵᠠᠩ ᠦᠢᠯᠡ ᠶᠢᠨ ᠵᠡᠭᠡᠯᠢ ᠭᠤᠳᠤᠮᠵᠢ ᠶᠢ ᠲᠡᠤᠬᠡ ᠶᠢᠨ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ᠂ ᠰᠣᠶᠣᠯ ᠤᠨ ᠰᠡᠯᠡᠭᠦᠴᠡᠯ᠂ ᠠᠷᠠᠯᠵᠢᠶ᠎ᠠ ᠬᠤᠳᠠᠯᠳᠤᠭ᠎ᠠ᠂ ᠢᠳᠡᠭᠡᠨ ᠤᠮᠳᠠᠭᠠᠨ᠂ ᠵᠢᠭᠤᠯᠴᠢᠯᠠᠯ ᠵᠢᠴᠢ ᠣᠷᠣᠨ ᠰᠠᠭᠤᠴᠠ ᠶᠢ ᠨᠢᠭᠡ ᠴᠣᠭᠴᠠ  ᠪᠤᠯᠭᠠᠨ᠂ᠣᠷᠣᠰ ᠤᠨ ᠦᠨᠳᠦᠰᠦᠲᠡᠨ ᠤ ᠵᠠᠩ ᠦᠢᠯᠡ ᠲᠠᠢ᠂ ᠰᠣᠶᠣᠯ ᠤᠨ ᠵᠠᠩ ᠦᠢᠯᠡ ᠲᠠᠢ ᠵᠡᠭᠡᠯᠢ ᠲᠣᠭᠤᠷᠢᠭ ᠤᠳ ᠨᠢ ᠳᠤᠮᠳᠠᠳᠤ ᠳᠣᠷᠣᠨᠠᠲᠤ ᠶᠢᠨ ᠲᠡᠮᠦᠷ ᠵᠠᠮ ᠤᠨ ᠪᠠᠷᠢᠯᠭ᠎ᠠ ᠨᠤᠭᠤᠳ ᠢ ᠵᠦᠶ ᠵᠣᠬᠢᠰᠲᠠᠶ ᠠᠰᠢᠭᠯᠠᠬᠤ ᠪᠠ ᠬᠠᠮᠠᠭᠠᠯᠠᠬᠤ ᠪᠠᠷ ᠳᠠᠮᠵᠢᠭᠤᠯᠤᠨ᠂ ᠵᠠᠯᠠᠨ ᠠᠶᠢᠯ ᠬᠤᠲᠠ ᠶᠢᠨ ᠰᠣᠶᠣᠯ ᠤᠨ ᠠᠵᠤ ᠦᠢᠯᠡᠰ ᠤᠨ ᠶᠡᠭᠡ ᠬᠥᠭᠵᠢᠯᠲᠡ᠂ ᠶᠡᠭᠡ ᠴᠡᠴᠡᠭᠯᠡᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠶ︾ ᠭᠡᠵᠡᠶ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ