2023 ᠣᠨ ᠳᠤ ᠵᠠᠯᠠᠨ ᠠᠶᠢᠯ ᠬᠤᠲᠠ ᠶᠢᠨ ᠬᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠨ ᠬᠡᠷᠡᠭᠯᠡᠬᠦ ᠪᠠᠷ ᠪᠠᠶᠢᠭ᠎ᠠ ᠬᠥᠮᠦᠰ ᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2023/8/11
      ︽2023 ᠣᠨ ᠤ ᠬᠥᠯᠥᠨ ᠪᠤᠶᠢᠷ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠡᠤᠬᠡᠳ ᠤᠨ ᠴᠡᠴᠡᠷᠯᠢᠭ ᠤᠨ ᠪᠠᠭᠰᠢ ᠶᠢ ᠢᠯᠡ ᠪᠠᠷ ᠡᠯᠰᠡᠬᠦ ᠠᠯᠪᠠᠨ ᠵᠠᠷ︾ ᠢ ᠦᠨᠳᠦᠰᠦᠯᠡᠪᠡᠯ᠂ ᠵᠠᠯᠠᠨ ᠠᠶᠢᠯ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠡᠯᠰᠡᠬᠦ ᠳᠤ ᠨᠡᠷ᠎ᠡ ᠮᠡᠳᠡᠭᠦᠯᠬᠦ᠂ ᠬᠢᠷᠢ ᠬᠡᠮ ᠤᠨ ᠠᠩᠬᠠᠨ ᠤ ᠬᠢᠨᠠᠯᠲᠠ᠂ ᠪᠢᠷ ᠤᠨ ᠰᠢᠯᠭᠠᠯᠲᠠ᠂ ᠬᠢᠷᠢ ᠬᠡᠮ ᠤᠨ ᠳᠠᠬᠢᠨ ᠬᠢᠨᠠᠯᠲᠠ᠂ ᠲᠤᠰᠬᠠᠶ ᠮᠡᠷᠭᠡᠵᠢᠯ ᠤᠨ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ ᠪᠠ ᠰᠢᠨᠵᠢᠯᠡᠨ ᠪᠠᠶᠢᠴᠠᠭᠠᠯᠲᠠ ᠶᠢᠨ ᠢᠯᠡ ᠪᠠᠷ ᠡᠯᠰᠡᠬᠦ ᠲᠠᠰ ᠳᠠᠷᠠᠭᠠᠯᠠᠯ ᠢᠶᠠᠷ ᠳᠡᠮᠵᠢᠨ᠂ ᠤᠷᠢᠨ ᠬᠡᠷᠡᠭᠯᠡᠬᠦ ᠪᠠᠷ ᠪᠠᠶᠢᠭ᠎ᠠ ᠬᠥᠮᠦᠰ ︵ᠳᠠᠭᠠᠯᠳᠤᠭᠤᠯᠤᠯ ᠳᠤ ᠦᠵᠡ︶ ᠢ ᠢᠯᠡ ᠨᠡᠶᠢᠲᠡᠯᠡᠨ᠎ᠡ᠃      ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ︵2023 ᠣᠨ ᠤ 8 ᠰᠠᠷ᠎ᠠ ᠶᠢᠨ 8      ᠤ ᠡᠳᠦᠷ ᠠᠴᠠ 14      ᠤ ᠡᠳᠦᠷ ᠪᠣᠯᠲᠠᠯ᠎ᠠ︶ ᠪᠣᠯᠤᠨ᠎ᠠ᠂ ᠠᠰᠠᠭᠤᠳᠠᠯ ᠢ ᠲᠤᠰᠬᠠᠭᠰᠠᠨ ᠬᠥᠮᠦᠨ ᠦᠨᠡᠨ ᠣᠪᠣᠭ ᠨᠡᠷ᠎ᠡ ᠪᠠᠷ ᠢᠶᠠᠨ ᠦᠨᠡᠨ ᠢ ᠪᠠᠷᠢᠮᠲᠠᠯᠠᠨ ᠴᠢᠬᠤᠯᠠ ᠪᠥᠬᠦᠶ ᠪᠠᠶᠢᠴᠠᠭᠠᠯᠲᠠ ᠶᠢᠨ ᠰᠦᠪᠡᠭᠴᠢ ᠶᠢ ᠬᠠᠩᠭᠠᠬᠤ ᠬᠡᠷᠡᠭᠲᠡᠶ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠦᠭᠦᠷᠴᠦ᠂ ᠠᠰᠠᠭᠤᠳᠠᠯ ᠥᠬᠡᠶ ᠪᠤᠶᠤ ᠠᠰᠠᠭᠤᠳᠠᠯ ᠢ ᠲᠤᠰᠬᠠᠬᠤ ᠳᠠᠭᠠᠨ ᠤᠷᠢᠨ ᠬᠡᠷᠡᠭᠯᠡᠬᠦ ᠶᠢ ᠨᠥᠯᠥᠭᠡᠯᠡᠬᠦ ᠥᠬᠡᠶ ᠪᠠᠶᠢᠪᠠᠯ᠂ ᠤᠷᠢᠨ ᠬᠡᠷᠡᠭᠯᠡᠬᠦ ᠭᠠᠷᠳᠠᠮ ᠭᠦᠴᠡᠳᠭᠡᠨ᠎ᠡ︔ ᠬᠦᠨᠳᠦ ᠨᠣᠴᠢᠲᠠᠶ ᠠᠰᠠᠭᠤᠳᠠᠯ ᠲᠠᠢ ᠪᠥᠭᠡᠳ ᠪᠠᠶᠢᠴᠠᠭᠠᠨ ᠳᠣᠲᠣᠯᠠᠭᠰᠠᠨ ᠪᠠᠶᠢᠪᠠᠯ᠂ ᠤᠷᠢᠵᠤ ᠬᠡᠷᠡᠭᠯᠡᠬᠦ ᠬᠢᠷᠢ ᠬᠡᠮ ᠢ ᠨᠢ ᠬᠠᠰᠤᠨ᠎ᠠ︔ ᠬᠦᠨᠳᠦ ᠨᠣᠴᠢᠲᠠᠶ ᠠᠰᠠᠭᠤᠳᠠᠯ ᠲᠠᠢ ᠪᠣᠯᠪᠠᠴᠤ ᠲᠦᠷ ᠴᠠᠭ ᠪᠠᠶᠢᠴᠠᠭᠠᠨ ᠳᠣᠲᠣᠯᠠᠬᠤ ᠳᠤ ᠪᠡᠷᠬᠡᠲᠡᠶ ᠪᠤᠶᠤ ᠦᠭᠡᠶᠢᠰᠬᠡᠬᠦ ᠳᠤ ᠪᠡᠷᠬᠡᠲᠡᠶ ᠪᠠᠶᠢᠪᠠᠯ᠂ ᠤᠷᠢᠨ ᠬᠡᠷᠡᠭᠯᠡᠬᠦ ᠶᠢ ᠲᠦᠷ ᠬᠤᠶᠢᠰᠢᠯᠠᠭᠤᠯᠵᠤ᠂ ᠪᠠᠶᠢᠴᠠᠭᠠᠨ ᠳᠣᠲᠣᠯᠠᠬᠤ ᠶᠢᠨ ᠬᠠᠮᠲᠤ ᠳ᠋ᠦᠩᠨᠡᠯᠲᠡ ᠭᠠᠷᠭᠠᠭᠰᠠᠨ ᠤ ᠳᠠᠷᠠᠭ᠎ᠠ ᠳᠠᠬᠢᠨ ᠤᠷᠢᠨ ᠬᠡᠷᠡᠭᠯᠡᠬᠦ ᠡᠰᠡᠬᠦ ᠪᠠᠨ ᠲᠣᠭᠲᠠᠭᠠᠨ᠎ᠠ᠃      ᠤᠷᠢᠨ ᠬᠡᠷᠡᠭᠯᠡᠬᠦ ᠪᠠᠷ ᠪᠠᠶᠢᠭ᠎ᠠ ᠬᠥᠮᠦᠰ ᠢ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠬᠦ ᠬᠡᠷᠡᠭᠲᠡᠶ᠂ ᠡᠰᠡ ᠲᠡᠭᠡᠪᠡᠯ ᠥᠪᠡᠷ ᠢᠶᠠᠨ ᠬᠠᠶᠠᠭᠰᠠᠨ ᠢᠶᠠᠷ ᠦᠵᠡᠵᠦ᠂ ᠤᠷᠢᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃      ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0470 — 3216305      ᠳᠠᠭᠠᠯᠳᠤᠭᠤᠯᠤᠯ᠄ 2023 ᠣᠨ ᠤ ᠵᠠᠯᠠᠨ ᠠᠶᠢᠯ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠨ ᠡᠯᠰᠡᠬᠦ ᠪᠠᠷ ᠪᠠᠶᠢᠭ᠎ᠠ ᠬᠥᠮᠦᠰ ᠤᠨ ᠨᠡᠷᠡ
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ