2023 ᠣᠨ ᠤ ᠵᠠᠯᠠᠨ ᠠᠶᠢᠯ ᠬᠤᠲᠠ ᠶᠢᠨ ᠠᠵᠢᠯ ᠤᠶᠢᠯᠡᠰ ᠤᠨ ᠨᠢᠭᠡᠴᠡ ᠶᠢᠨ ᠶᠡᠷᠦᠩᠬᠡᠶᠢᠯᠡᠭᠰᠡᠨ ᠲᠥᠷᠥᠯ ᠤᠨ ᠠᠵᠢᠯ ᠤᠨ ᠪᠠᠶᠢᠷᠢ ᠳᠤ ᠢᠯᠡ ᠪᠠᠷ ᠠᠵᠢᠯᠲᠠᠨ ᠡᠯᠰᠡᠬᠦ ᠪᠠ ᠤᠷᠢᠵᠤ ᠬᠡᠷᠡᠭᠯᠡᠬᠦ ᠪᠠᠷ ᠪᠠᠶᠢᠭ᠎ᠠ ᠬᠥᠮᠦᠰ ᠢ ᠵᠠᠷᠯᠠᠨ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2023/8/11
      ︽2023 ᠣᠨ ᠤ ᠵᠠᠯᠠᠨ ᠠᠶᠢᠯ ᠬᠤᠲᠠ ᠶᠢᠨ ᠠᠵᠢᠯ ᠦᠶ᠋ᠯᠡᠰ ᠤᠨ ᠨᠢᠭᠡᠴᠡ ᠶᠢᠨ ᠶᠡᠷᠦᠩᠬᠡᠶᠢᠯᠡᠭᠰᠡᠨ ᠲᠥᠷᠥᠯ ᠤᠨ ᠠᠵᠢᠯ ᠤᠨ ᠪᠠᠶᠢᠷᠢ ᠳᠤ ᠢᠯᠡ ᠪᠠᠷ ᠠᠵᠢᠯᠲᠠᠨ ᠡᠯᠰᠡᠬᠦ ᠠᠯᠪᠠᠨ ᠵᠠᠷ︾ ᠢ ᠦᠨᠳᠦᠰᠦᠯᠡᠪᠡᠯ᠂ ᠨᠡᠷ᠎ᠡ ᠮᠡᠳᠡᠭᠦᠯᠬᠦ᠂ ᠬᠢᠷᠢ ᠬᠡᠮ ᠤᠨ ᠠᠩᠬᠠᠨ ᠤ ᠬᠢᠨᠠᠯᠲᠠ᠂ ᠪᠢᠷ ᠤᠨ ᠰᠢᠯᠭᠠᠯᠲᠠ᠂ ᠬᠢᠷᠢ ᠬᠡᠮ ᠤᠨ ᠳᠠᠬᠢᠨ ᠬᠢᠨᠠᠯᠲᠠ᠂ ᠨᠢᠭᠤᠷᠲᠠᠨ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ ᠵᠡᠷᠭᠡ ᠭᠤᠭᠴᠤᠭ᠎ᠠ ᠪᠠᠷ ᠳᠡᠮᠵᠢᠨ᠂ ᠡᠳᠦᠭᠡ 2023 ᠣᠨ ᠤ ᠵᠠᠯᠠᠨ ᠠᠶᠢᠯ ᠬᠤᠲᠠ ᠶᠢᠨ ᠠᠵᠢᠯ ᠦᠶ᠋ᠯᠡᠰ ᠤᠨ ᠨᠢᠭᠡᠴᠡ ᠶᠢᠨ ᠶᠡᠷᠦᠩᠬᠡᠶᠢᠯᠡᠭᠰᠡᠨ ᠲᠥᠷᠥᠯ ᠤᠨ ᠠᠵᠢᠯ ᠤᠨ ᠪᠠᠶᠢᠷᠢ ᠳᠤ ᠢᠯᠡ ᠪᠠᠷ ᠠᠵᠢᠯᠲᠠᠨ ᠡᠯᠰᠡᠬᠦ ᠪᠠᠷ ᠪᠠᠶᠢᠭ᠎ᠠ ᠬᠥᠮᠦᠰ ᠢ ᠵᠠᠷᠯᠠᠨ ᠨᠡᠶᠢᠲᠡᠯᠡᠶ᠎ᠡ᠃      ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ︵2023 ᠣᠨ ᠤ 8 ᠰᠠᠷ᠎ᠠ ᠶᠢᠨ 4      ᠤ ᠡᠳᠦᠷ ᠠᠴᠠ 2023 ᠣᠨ ᠤ 8 ᠰᠠᠷ᠎ᠠ ᠶᠢᠨ 10      ᠤ ᠡᠳᠦᠷ ᠪᠣᠯᠲᠠᠯ᠎ᠠ᠂ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠢ ᠪᠠᠭᠲᠠᠭᠠᠬᠤ ᠥᠬᠡᠶ︶ ᠪᠣᠯᠤᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ ᠣᠯᠠᠨ ᠲᠦᠮᠡᠨ ᠪᠠᠶᠢᠳᠠᠯ ᠢ ᠲᠤᠰᠬᠠᠭᠰᠠᠨ ᠪᠠᠶᠢᠪᠠᠯ᠂ ᠦᠨᠡᠨ ᠣᠪᠣᠭ ᠨᠡᠷ᠎ᠡ ᠪᠠᠷ ᠢᠶᠠᠨ ᠵᠠᠯᠠᠨ ᠠᠶᠢᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠪᠢᠴᠢᠭ ᠢᠶᠠᠷ ᠲᠤᠰᠬᠠᠬᠤ ᠪᠤᠶᠤ ᠨᠢᠭᠤᠷᠲᠠᠨ ᠶᠠᠷᠢᠯᠴᠠᠬᠤ ᠬᠡᠷᠡᠭᠲᠡᠶ᠃      ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0470 — 3203783      ᠳᠠᠭᠠᠯᠳᠤᠭᠤᠯᠤᠯ᠄ 2023 ᠣᠨ ᠤ ᠵᠠᠯᠠᠨ ᠠᠶᠢᠯ ᠬᠤᠲᠠ ᠶᠢᠨ ᠠᠵᠢᠯ ᠦᠶ᠋ᠯᠡᠰ ᠤᠨ ᠨᠢᠭᠡᠴᠡ ᠶᠢᠨ ᠶᠡᠷᠦᠩᠬᠡᠶᠢᠯᠡᠭᠰᠡᠨ ᠲᠥᠷᠥᠯ ᠤᠨ ᠠᠵᠢᠯ ᠤᠨ ᠪᠠᠶᠢᠷᠢ ᠳᠤ ᠢᠯᠡ ᠪᠠᠷ ᠠᠵᠢᠯᠲᠠᠨ ᠡᠯᠰᠡᠬᠦ ᠪᠠᠷ ᠪᠠᠶᠢᠭ᠎ᠠ ᠤᠷᠢᠵᠤ ᠬᠡᠷᠡᠭᠯᠡᠬᠦ ᠬᠥᠮᠦᠰ ᠤᠨ ᠨᠡᠷᠡᠰ
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ