︽2023 ᠣᠨ ᠤ ᠵᠠᠯᠠᠨ ᠠᠶᠢᠯ ᠬᠤᠲᠠ ᠶᠢᠨ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠨᠥᠬᠦᠪᠥᠷᠢ ᠵᠢᠷᠤᠭ ᠲᠥᠯᠥᠪᠯᠡᠭᠡ ᠶᠢᠨ ᠢᠨᠵᠧᠨᠧᠷᠢᠩ︾ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠺᠣᠮᠫᠠᠨᠢ ᠶᠢ ᠢᠯᠡ ᠪᠠᠷ ᠰᠢᠯᠢᠨ ᠰᠣᠩᠭᠤᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/8/11
      ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠨᠡᠨ ᠬᠦ ᠳᠥᠯᠭᠢᠨ ᠠᠬᠢᠭᠤᠯᠵᠤ᠂ ᠢᠯᠡ ᠪᠠᠷ ᠵᠠᠰᠠᠭ ᠶᠠᠪᠤᠭᠤᠯᠬᠤ ᠶᠢ ᠬᠡᠷᠡᠭᠵᠢᠭᠦᠯᠦᠨ᠂ ᠲᠥᠷᠥᠯ ᠵᠣᠶᠢᠯ ᠤᠨ ᠳᠠᠭᠠᠭᠠᠴᠢᠯᠠᠯᠲᠠ ᠵᠠᠷᠯᠠᠬᠤ  ᠤᠶᠢᠯᠡ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ᠰᠤᠳᠤᠯᠬᠤ ᠪᠠᠷ ᠳᠡᠮᠵᠢᠨ᠂ ᠵᠠᠯᠠᠨ ᠠᠶᠢᠯ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽2023 ᠣᠨ ᠤ ᠵᠠᠯᠠᠨ ᠠᠶᠢᠯ ᠬᠤᠲᠠ ᠶᠢᠨ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠣᠶᠢᠯ ᠤᠨ ᠨᠥᠬᠦᠪᠥᠷᠢ ᠵᠢᠷᠤᠭ ᠲᠥᠯᠥᠪᠯᠡᠭᠡ ᠶᠢᠨ ᠢᠨᠵᠧᠨᠧᠷᠢᠩ︾ ᠤᠨ ᠲᠥᠷᠥᠯ ᠵᠣᠶᠢᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ  ᠭᠦᠢᠴᠡᠳᠭᠡᠬᠦ ᠺᠣᠮᠫᠠᠨᠢ ᠶᠢ ᠢᠯᠡ ᠪᠠᠷ ᠰᠢᠯᠢᠨ ᠰᠣᠩᠭᠤᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ  ᠵᠤᠶᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠨᠠᠶᠢᠳᠠᠯᠭ᠎ᠠ ᠶᠢᠨ ᠲᠥᠷᠥᠯ ᠵᠣᠶᠢᠯ    【2023 ᠣᠨ ᠤ ᠵᠠᠯᠠᠨ ᠠᠶᠢᠯ ᠬᠤᠲᠠ ᠶᠢᠨ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠵᠤᠶᠢᠯᠡᠰ ᠤᠨ ᠨᠥᠬᠦᠪᠥᠷᠢ ᠵᠢᠷᠤᠭ ᠲᠥᠯᠥᠪᠯᠡᠭᠡ ᠶᠢᠨ ᠢᠨᠵᠧᠨᠧᠷᠢᠩ 】      ᠬᠤᠶᠠᠷ᠂ ᠨᠡᠷ᠎ᠡ ᠮᠡᠳᠡᠭᠦᠯᠬᠦ ᠬᠢᠷᠢ ᠬᠡᠮ      ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠤᠭᠤᠳ ᠵᠠᠯᠠᠨ ᠠᠶᠢᠯ ᠬᠤᠳᠠ ᠶᠢᠨ ᠲᠠᠷᠢᠶᠠᠯᠠᠩ ᠮᠠᠯ ᠠᠵᠤ ᠠᠬᠤᠶ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠭᠤᠶᠤᠴᠢᠯᠠᠯ ᠭᠠᠷᠭᠠᠵᠤ ᠪᠣᠯᠤᠨ᠎ᠠ᠄1᠂ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ︔2᠂ ᠰᠠᠶᠢᠨ ᠰᠠᠶᠢᠬᠠᠨ ᠬᠤᠳᠠᠯᠳᠤᠭᠠᠨ ᠤ ᠢᠲᠡᠭᠡᠯ ᠬᠦᠨᠳᠦ ᠲᠠᠢ ᠪᠥᠭᠡᠳ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠲᠠᠢ ᠪᠠᠶᠢᠬᠤ︔3᠂ ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠥᠬᠦᠭᠡᠷᠦᠮᠵᠢ ᠪᠠ ᠲᠤᠰᠬᠠᠶ ᠮᠡᠷᠭᠡᠵᠢᠯ ᠤᠨ ᠴᠢᠳᠠᠪᠤᠷᠢ ᠲᠠᠢ᠂ ᠨᠡᠯᠢᠶᠡᠳ ᠰᠠᠶᠢᠨ ᠠᠵᠢᠯ ᠤᠨ ᠪᠦᠲᠦᠮᠵᠢ ᠲᠠᠢ ᠪᠠᠶᠢᠬᠤ︔4. ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠭᠰᠠᠨ ᠰᠠᠶᠢᠨ ᠲᠡᠮᠳᠡᠭᠯᠡᠯ ᠲᠠᠢ ᠪᠠᠶᠢᠬᠤ︔5. ᠲᠤᠰ ᠤᠳᠠᠭᠠᠨ ᠤ ᠨᠡᠷ᠎ᠡ ᠮᠡᠳᠡᠭᠦᠯᠬᠦ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠶ ᠵᠥᠷᠢᠴᠡᠭᠰᠡᠨ ᠲᠡᠮᠳᠡᠭᠯᠡᠯ ᠪᠠᠶᠢᠬᠤ ᠦᠭᠡᠶ ᠃6.᠂ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ︔      ᠭᠤᠷᠪᠠ᠂ ᠨᠡᠷ᠎ᠡ ᠮᠡᠳᠡᠭᠦᠯᠬᠦ ᠱᠠᠭᠠᠷᠳᠠᠯᠭ᠎ᠠ      ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠪᠥᠭᠡᠳ ᠣᠷᠣᠯᠴᠠᠬᠤ ᠰᠠᠨᠠᠭ᠎ᠠ ᠲᠠᠢ ᠨᠢᠭᠡᠴᠡ ᠨᠢ 2023 ᠣᠨ ᠤ 8 ᠰᠠᠷ᠎ᠠ ᠶᠢᠨ 15       ᠤ ᠡᠳᠦᠷ ᠤᠨ 9 ᠴᠠᠭ ᠠᠴᠠ ᠡᠮᠦᠨ᠎ᠡ ᠵᠠᠯᠠᠨ ᠠᠶᠢᠯ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠦᠷᠴᠦ ᠪᠢᠴᠢᠭ ᠢᠶᠠᠷ ᠨᠡᠷ᠎ᠡ ᠮᠡᠳᠡᠭᠦᠯᠬᠦ ᠭᠤᠶᠤᠴᠢᠯᠠᠯ ᠢᠶᠠᠨ ᠲᠤᠰᠢᠶᠠᠬᠤ ᠶᠢᠨ ᠬᠠᠮᠲᠤ ᠬᠦᠴᠦᠨ ᠪᠥᠬᠦᠶ ᠬᠢᠷᠢ ᠬᠡᠮ ᠤᠨ ᠦᠨᠡᠮᠯᠡᠯ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ ᠤᠨ ᠣᠭ ᠮᠠᠲ᠋ᠧᠷᠢᠶᠠᠯ ᠵᠢᠴᠢ ᠬᠠᠭᠤᠯᠪᠤᠷᠢ ︵ᠠᠯᠪᠠᠨ ᠲᠠᠮᠠᠭ᠎ᠠ ᠳᠠᠷᠤᠬᠤ ᠬᠡᠷᠡᠭᠲᠡᠶ︶ 3 ᠢᠵᠢ ᠶᠢ ᠲᠤᠰᠢᠶᠠᠬᠤ ᠬᠡᠷᠡᠭᠲᠡᠶ᠃ ︵ᠬᠠᠷᠢᠯᠴᠠᠬᠤ ᠬᠥᠮᠦᠨ᠄ ᠵᠠᠩ ᠳ᠋ᠠᠨ; ᠬᠠᠷᠢᠯᠴᠠᠬᠤ ᠤᠲᠠᠰᠤ᠄ 15049747099︶      ᠳᠥᠷᠪᠡ᠂ ᠰᠣᠩᠭᠤᠬᠤ ᠠᠷᠭ᠎ᠠ ᠮᠠᠶ᠋ᠢᠭ      ᠲᠣᠰ ᠤᠳᠠᠭ᠎ᠠ ᠰᠢᠯᠢᠳᠡᠭ ᠢ ᠨᠢ ᠰᠣᠩᠭᠤᠵᠤ ᠡᠯᠰᠡᠬᠦ ᠠᠷᠭ᠎ᠠ ᠶᠢ ᠠᠪᠴᠤ᠂ 2023 ᠣᠨ ᠤ 8 ᠰᠠᠷ᠎ᠠ ᠶᠢᠨ 15      ᠤ ᠡᠳᠦᠷ ᠤᠨ 15 ᠴᠠᠭ 30 ᠮᠢᠨᠦ᠋ᠲ ᠲᠤ ᠵᠠᠯᠠᠨ ᠠᠶᠢᠯ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠤᠷᠠᠯ ᠤᠨ ᠬᠡᠷ ᠲᠤ ᠰᠢᠯᠭᠠᠷᠠᠭᠤᠯᠬᠤ ᠬᠤᠷᠠᠯ ᠬᠢᠵᠦ᠂ ᠲᠤᠬᠠᠶ ᠶᠢᠨ ᠲᠠᠯᠠᠪᠤᠷ ᠲᠤ ᠦᠷ᠎ᠡ ᠳ᠋ᠦᠩ ᠢ ᠨᠢ ᠵᠠᠷᠯᠠᠪᠠ᠂ ᠰᠣᠩᠭᠤᠭᠳᠠᠨ ᠤᠷᠤᠭᠰᠠᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠭᠡᠬᠦ‌ᠨᠢᠭᠡᠴᠡ ᠢᠯᠡ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠶᠣᠰᠣᠭᠠᠷ ︽2023 ᠣᠨ ᠤ ᠵᠠᠯᠠᠨ ᠠᠶᠢᠯ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠬᠤᠶᠠᠳᠤᠭᠠᠷ ᠪᠦᠯᠦᠭ ᠢᠨᠵᠧᠨᠧᠷᠢᠩ︾ ᠤᠨ ᠳᠠᠭᠠᠭᠠᠴᠢᠯᠠᠯᠲᠠ ᠵᠠᠷᠯᠠᠬᠤ ᠠᠵᠢᠯ ᠢ ᠪᠡᠶᠡᠯᠡᠭᠦᠯᠦᠭᠰᠡᠨ ᠪᠠᠶᠢᠨ᠎ᠠ᠃   ᠡᠭᠦᠨ ᠤ ᠲᠤᠯᠠ ᠣᠨᠴᠠᠭᠠᠶᠢᠯᠠᠨ ᠵᠠᠷᠯᠠᠪᠠ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ