ᠵᠠᠯᠠᠨ ᠠᠶᠢᠯ ᠤᠨ ᠠᠵᠤ ᠦᠢᠯᠡᠰ ᠤᠨ ᠬᠦᠷᠢᠶᠡᠯᠡᠩ ᠤᠨ ᠫᠢᠩ ᠠᠨ ᠵᠠᠮ ᠤᠨ ᠬᠠᠵᠠᠭᠤ ᠶᠢᠨ ᠬᠠᠮᠠᠭᠠᠯᠠᠯᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ ᠣᠯᠤᠭᠰᠠᠨ ᠦᠷ᠎ᠡ ᠳ᠋ᠦᠩ ᠤᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/8/11
      ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠥᠯᠥᠨ ᠪᠤᠶᠢᠷ ᠤᠨ ᠳᠠᠪᠠᠭ᠎ᠠ ᠶᠢᠨ ᠵᠡᠭᠦᠨᠳᠡᠬᠢ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠠᠶᠢᠳᠠᠯᠭ᠎ᠠ ᠪᠠᠷ᠂ ᠵᠠᠯᠠᠨ ᠠᠶᠢᠯ ᠤᠨ ᠠᠵᠤ ᠤᠶᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠦᠨ᠎ᠡ ᠯᠠᠪᠯᠠᠵᠤ ᠳᠠᠭᠠᠭᠠᠴᠢᠯᠠᠯᠲᠠ ᠤᠷᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠷᠢᠯᠭ᠎ᠠ ᠶᠢᠨ ᠠᠵᠤ ᠠᠬᠤᠶᠢᠯᠠᠯ ᠢ ᠲᠣᠭᠲᠠᠭᠠᠵᠤ᠂ ᠵᠠᠯᠠᠨ ᠠᠶᠢᠯ ᠤᠨ ᠠᠵᠤ ᠤᠶᠢᠯᠡᠰ ᠤᠨ ᠬᠦᠷᠢᠶᠡᠯᠡᠩ ᠤᠨ ᠫᠢᠩ ᠠᠨ ᠵᠠᠮ ᠤᠨ ᠬᠠᠵᠠᠭᠤ ᠶᠢᠨ ᠬᠠᠵᠠᠭᠤ ᠳᠤ ᠰᠡᠷᠭᠡᠶᠢᠯᠡᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃      ᠦᠨ᠎ᠡ ᠯᠠᠪᠯᠠᠬᠤ ᠪᠠᠷ ᠳᠠᠭᠠᠭᠠᠴᠢᠯᠠᠯᠲᠠ ᠤᠷᠢᠬᠤ ᠬᠠᠷᠢᠴᠠᠯ ᠢᠶᠠᠷ ᠳᠡᠮᠵᠢᠨ᠂ ᠳᠠᠭᠠᠭᠠᠴᠢᠯᠠᠯᠲᠠ ᠤᠷᠢᠬᠤ ᠠᠵᠢᠯ ᠳᠤ ᠣᠷᠣᠯᠴᠠᠭᠰᠠᠨ ᠠᠵᠤ ᠠᠬᠤᠶᠢᠯᠠᠯ ᠨᠡᠶᠢᠲᠡ 3 ᠪᠣᠶ᠂ ᠲᠣᠰ ᠲᠣᠰ᠄ ᠱᠠᠨ ᠰᠢ ᠶᠢᠨ ᠰᠢᠤᠸᠠᠨ ᠹᠧᠩ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠵᠠᠭᠠᠷᠲᠤ ᠺᠣᠮᠫᠠᠨᠢ᠂ ᠮᠡᠳᠡᠭᠦᠯᠦᠭᠰᠡᠨ ᠦᠨ᠎ᠡ ᠨᠢ 136.4996 ᠲᠦᠮᠡᠨ ᠲᠥᠭᠦᠷᠢᠭ︔ ᠯᠦᠩ ᠵᠢᠶᠠ ᠶᠤᠸᠠᠨ ᠪᠥᠲᠥᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠮᠡᠳᠡᠭᠦᠯᠦᠭᠰᠡᠨ ᠦᠨ᠎ᠡ ᠨᠢ 133.9637 ᠲᠦᠮᠡᠨ ᠲᠥᠭᠦᠷᠢᠭ︔ ᠴᠧᠩ ᠵᠢᠶᠦ᠋ᠨ ᠪᠥᠲᠥᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ︵ᠱᠠᠨ ᠰᠢ︶ ᠤᠨ ᠬᠢᠵᠠᠭᠠᠷᠲᠤ ᠺᠣᠮᠫᠠᠨᠢ ᠶᠢᠨ ᠮᠡᠳᠡᠭᠦᠯᠦᠭᠰᠡᠨ ᠦᠨ᠎ᠡ 117.2904 ᠲᠦᠮᠡᠨ ᠲᠥᠭᠦᠷᠢᠭ ᠲᠤ ᠬᠦᠷᠴᠡᠶ᠃      ᠬᠥᠯᠥᠨ ᠪᠤᠶᠢᠷ ᠤᠨ ᠳᠠᠪᠠᠭᠠᠨ ᠤ ᠵᠡᠭᠦᠨᠳᠡᠬᠢ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠬᠤᠷᠠᠯ ᠤᠨ ᠰᠤᠳᠤᠯᠤᠯᠲᠠ ᠪᠠᠷ ᠳᠡᠮᠵᠢᠨ᠂ ᠴᠧᠩ ᠵᠢᠶᠦ᠋ᠨ ᠪᠥᠲᠥᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ︵ᠱᠠᠨ ᠰᠢ︶ ᠤᠨ ᠬᠢᠵᠠᠭᠠᠷᠲᠤ ᠺᠣᠮᠫᠠᠨᠢ ᠶᠢᠨ ᠦᠨ᠎ᠡ ᠨᠢ ᠬᠠᠮᠤᠭ ᠤᠨ ᠳᠣᠤᠷ᠎ᠠ ᠪᠠᠶᠢᠵᠤ᠂ ᠴᠧᠩ ᠵᠢᠶᠦ᠋ᠨ ᠪᠥᠲᠥᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ︵ᠱᠠᠨ ᠰᠢ︶ ᠤᠨ ᠬᠢᠵᠠᠭᠠᠷᠲᠤ ᠺᠣᠮᠫᠠᠨᠢ ᠠᠴᠠ ᠵᠠᠯᠠᠨ ᠠᠶᠢᠯ ᠤᠨ ᠠᠵᠤ ᠤᠶᠢᠯᠡᠰ ᠤᠨ ᠬᠦᠷᠢᠶᠡᠯᠡᠩ ᠤᠨ ᠫᠢᠩ ᠠᠨ ᠵᠠᠮ ᠤᠨ ᠬᠠᠵᠠᠭᠤ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠢ ᠬᠠᠷᠢᠭᠤᠴᠠᠨ᠎ᠠ ᠭᠡᠵᠦ ᠵᠥᠪᠯᠡᠨ ᠲᠣᠭᠲᠠᠵᠠᠶ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃ ᠠᠯᠪᠠᠨ ᠵᠠᠷ ᠤᠨ ᠬᠤᠭᠤᠴᠠᠭ᠎ᠠ ᠨᠢ 3 ᠡᠳᠦᠷ ᠪᠣᠯᠤᠨ᠎ᠠ᠃      ᠬᠢᠨᠠᠯᠲᠠ ᠲᠠᠯᠪᠢᠬᠤ ᠤᠲᠠᠰᠤ᠄ 0470 — 3265395᠃                                                                                               ᠵᠠᠯᠠᠨ ᠠᠶᠢᠯ ᠤᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ                 2023 ᠤᠨ 7 ᠰᠠᠷ᠎ᠠ ᠶᠢᠨ 25      ᠤ ᠡᠳᠦᠷ
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ