ᠵᠠᠯᠠᠨ ᠠᠶᠢᠯ ᠬᠤᠲᠠ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠣᠩᠭᠤᠷᠤᠤ ᠲᠣᠭᠠᠯᠠᠬᠤ  200ᠡᠳᠦᠷ ᠤᠨ  ᠡᠬᠢᠯᠡᠯᠲᠡ ᠶᠢᠨ ᠶᠣᠰᠣᠯᠠᠯ
ᠨᠡᠶᠢᠲᠡᠯᠡᠭᠰᠡᠨ ᠴᠠᠭ᠄
2023/8/11
      8 ᠰᠠᠷ᠎ᠠ ᠶᠢᠨ 1      ᠤ ᠡᠳᠦᠷ ᠤᠨ ᠦᠳᠡ ᠶᠢᠨ ᠡᠮᠦᠨ᠎ᠡ᠂ ᠵᠠᠯᠠᠨ ᠠᠶᠢᠯ ᠬᠤᠲᠠ ᠲᠢᠶᠠᠨ ᠪᠠᠶ ᠱᠠᠨ ᠠᠭᠤᠳᠠᠮ ᠲᠠᠯᠠᠪᠠᠶ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠣᠩᠭᠤᠷᠤᠤ ᠲᠣᠭᠠᠯᠠᠬᠤ 200 ᠡᠳᠦᠷ ᠤᠨ ᠡᠬᠢᠯᠡᠯᠲᠡ ᠶᠢᠨ ᠶᠣᠰᠣᠯᠠᠯ ᠢ ᠦᠪᠡᠳᠡᠭᠰᠢ ᠶᠡᠭᠡ ᠪᠠᠷ  ᠶᠠᠪᠣᠭᠳᠠᠭᠤᠯᠪᠠ᠃ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠯᠢ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠭᠦᠸᠧ ᠬᠤᠸᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠧᠨ ᠬᠤᠶ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠤᠤ ᠬᠤᠶ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠤᠤ ᠵᠢᠶᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠢᠨ ᠰᠢᠶᠤᠤ ᠬᠤᠶ ᠡᠬᠢᠯᠡᠯᠲᠡ ᠶᠢᠨ ᠶᠣᠰᠣᠯᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠭᠦᠸᠧ ᠬᠤᠸᠠ ᠪᠠᠶᠠᠷ ᠤᠨ  ᠶᠠᠷᠢᠶ᠎ᠠ ᠲᠠᠯᠪᠢᠵᠤ᠂ ᠡᠬᠢᠯᠡᠯᠲᠡ ᠶᠢᠨ ᠶᠣᠰᠣᠯᠠᠯ ᠢ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠯᠢ ᠵᠢᠶᠦ᠋ᠨ ᠤ ᠵᠠᠷᠯᠠᠭᠰᠠᠨ ᠢᠶᠠᠷ ᠡᠬᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ ︽ᠠᠵᠢᠨᠠᠶ ᠰᠠᠯᠬᠢᠨ ᠤ ᠮᠥᠷᠳᠡᠯᠲᠡ︾᠂ ᠳᠠᠭᠤᠤ ︽ᠥᠪᠥᠷ ᠮᠣᠩᠭᠤᠯ ᠢᠶᠠᠨ ᠬᠠᠶᠢᠷᠠᠯᠠᠨ᠎ᠠ︾᠂ ᠳᠠᠭᠤᠤ ︽ᠶᠢᠰᠦᠨ ᠵᠧᠦ ᠡᠨᠡ ᠴᠠᠭ ᠮᠥᠴᠡ ᠪᠠᠨ ᠬᠠᠮᠲᠤᠳᠬᠠᠨ᠎ᠠ︾ ᠵᠡᠷᠭᠡ ᠰᠣᠳᠣᠨ ᠤᠷᠠᠨ ᠰᠠᠶᠢᠬᠠᠨ ᠤ ᠲᠣᠭᠯᠠᠯᠲᠠ ᠶᠢ ᠲᠣᠭᠯᠠᠪᠠ᠃ ᠬᠤᠲᠠ ᠶᠢᠨ ᠰᠣᠶᠣᠯ ᠤᠨ ᠣᠷᠳᠣᠨ ᠲᠠᠯᠠᠪᠠᠶ ᠶᠢᠨ ᠪᠥᠵᠢᠭ᠂ ᠶᠠᠩᠭᠠᠷ ᠪᠥᠵᠢᠭ ᠤᠨ ᠦᠵᠡᠭᠦᠯᠦᠯᠭᠡ ᠶᠢᠨ ᠠᠩᠭᠢ ᠶᠢ ᠵᠣᠬᠢᠶᠠᠨ ᠪᠠᠶᠢᠭᠤᠯᠵᠤ ᠭᠤᠶᠢᠳᠠ ᠰᠠᠶᠢᠬᠠᠨ ᠲᠣᠭᠯᠠᠯᠲᠠ ᠶᠢ ᠠᠪᠴᠢᠷᠠᠨ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠢ ᠪᠠᠶᠠᠷᠯᠠᠨ ᠤᠭᠲᠤᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠤᠶ ᠪᠣᠯᠭᠠᠵᠤ᠂ ᠵᠠᠯᠠᠨ ᠠᠶᠢᠯ ᠬᠤᠲᠠ ᠶᠢᠨ ︽ᠪᠦᠬᠦ ᠠᠷᠠᠳ ᠢᠶᠠᠷ ᠢᠶᠠᠨ ᠮᠥᠰᠥ ᠴᠠᠰᠤᠨ ᠳᠤ ᠬᠤᠴᠠᠬᠤ︾ ᠠᠭᠤᠷ ᠠᠮᠢᠰᠬᠤᠯ ᠵᠢᠴᠢ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠢ ᠤᠭᠲᠤᠬᠤ ᠬᠠᠯᠠᠭᠤᠨ ᠰᠡᠳᠬᠢᠯᠭᠡ ᠶᠢ ᠭᠦᠢᠴᠡᠳ ᠬᠠᠷᠠᠭᠤᠯᠵᠠᠶ᠃      ᠵᠠᠯᠠᠨ ᠠᠶᠢᠯ ᠬᠤᠳᠠ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤᠨ ᠴᠢᠬᠤᠯᠠ ᠬᠤᠪᠢᠶᠠᠷᠢ ᠤᠷᠤᠯᠳᠤᠭᠠᠨ ᠤ ᠲᠣᠭᠤᠷᠢᠭ ᠪᠣᠯᠤᠭᠰᠠᠨ ᠤ ᠬᠤᠪᠢ ᠳᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠢ ᠤᠭᠲᠤᠬᠤ ᠨᠢᠭᠡ ᠵᠢᠯ ᠤᠨ ᠤᠢ ᠶᠢᠨ ᠡᠬᠢᠯᠡᠯᠲᠡ ᠶᠢᠨ ᠶᠣᠰᠣᠯᠠᠯ ᠢ ᠠᠮᠵᠢᠯᠲᠠ ᠲᠠᠢ ᠡᠷᠬᠢᠯᠡᠭᠰᠡᠨ ᠠᠴᠠ ᠨᠠᠰᠢ᠂ ᠤᠷᠢᠳ ᠬᠤᠵᠢᠳ 2022 — 2023 ᠣᠨ ᠤ ᠪᠦᠬᠦ ᠤᠯᠤᠰ ᠤᠨ ᠴᠢᠯᠥᠭᠡᠲᠦ ᠴᠠᠰᠤᠨ ᠳᠤ ᠭᠤᠯᠭᠤᠬᠤ ᠤᠷ᠎ᠠ ᠮᠡᠷᠭᠡᠵᠢᠯ ᠤᠨ ᠮᠠᠬᠠᠯᠠᠢ ᠰᠢᠯᠭᠠᠷᠠᠭᠤᠯᠬᠤ ᠤᠷᠤᠯᠳᠤᠭᠠᠨ ᠢ ᠳᠠᠭᠠᠭᠠᠴᠢᠯᠠᠨ ᠡᠷᠬᠢᠯᠡᠵᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤᠨ ᠬᠤᠷᠴᠠ ᠬᠦᠬᠦᠭᠡ ᠴᠡᠴᠡᠭ ᠰᠣᠨᠢᠷᠬᠠᠬᠤ ᠤᠯᠠᠷᠢᠯ ᠢ ᠤᠭᠲᠤᠬᠤ ᠰᠢᠷᠢᠰ ᠠᠵᠢᠯᠯᠠᠭ᠎ᠠ  ᠂︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠪᠠᠶᠠᠷᠯᠠᠨ ᠤᠭᠲᠤᠶ᠎ᠠ · ᠬᠦᠰᠡᠯ ᠵᠡᠭᠦᠳᠦ ᠪᠠᠨ ᠲᠡᠷᠭᠡᠯᠰᠢᠭᠦᠯᠬᠦ ᠰᠡᠳᠬᠢᠯ ᠢᠶᠠᠷ ᠢᠶᠠᠨ ᠨᠠᠮ ᠢᠶᠠᠨ ᠤᠭᠲᠤᠶ᠎ᠠ · ᠰᠢᠨ᠎ᠡ ᠠᠶᠠᠨ ᠢᠶᠠᠨ ᠡᠬᠢᠯᠡᠭᠦᠯᠦᠶ᠎ᠡ︾ ᠵᠠᠯᠠᠨ ᠠᠶᠢᠯ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠶᠠᠯᠦ ᠭᠤᠣᠯ ᠤᠨ ᠤᠯᠠᠨ ᠲᠦᠮᠡᠨ ᠤ ᠰᠣᠶᠣᠯ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠶᠢᠨ ᠰᠢᠷᠢᠰ ᠠᠵᠢᠯᠯᠠᠭ᠎ᠠ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤᠨ ᠴᠠᠭ ᠢ ᠲᠣᠩᠭᠤᠷᠤᠤ ᠲᠣᠭᠠᠯᠠᠬᠤ 200 ᠡᠳᠦᠷ ᠤᠨ ᠡᠬᠢᠯᠡᠯᠲᠡ ᠶᠢᠨ ᠶᠣᠰᠣᠯᠠᠯ ᠵᠡᠷᠭᠡ 19 ᠵᠦᠢᠯ ᠤᠨ ᠰᠣᠶᠣᠯ ᠪᠡᠶ᠎ᠡ ᠶᠢᠨ ᠲᠠᠮᠢᠷ ᠤᠨ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠪᠠᠶᠠᠷᠯᠠᠨ ᠤᠭᠲᠤᠵᠤ᠂ ᠤᠯᠠᠨ ᠲᠦᠮᠡᠨᠴᠢ ᠴᠢᠨᠠᠷᠲᠠᠢ ᠤᠷᠠᠨ ᠰᠠᠶᠢᠬᠠᠨ ᠤ ᠲᠣᠭᠯᠠᠯᠲᠠ ᠶᠢ 60 ᠭᠠᠷᠤᠢ ᠤᠳᠠᠭ᠎ᠠ   ᠦᠷᠨᠢᠭᠦᠯᠵᠦ᠂ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠳᠡᠯᠭᠡᠷᠡᠭᠦᠯᠦᠨ ᠲᠦᠭᠡᠮᠡᠯᠵᠢᠭᠦᠯᠵᠦ᠂ ᠣᠯᠠᠨ ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠣᠯᠠᠨ ᠲᠦᠮᠡᠨ ᠤ ᠪᠡᠶ᠎ᠡ  ᠲᠠᠮᠢᠷ ‍ᠤᠨ‌‍ᠴᠢᠭᠢᠷᠠᠭᠵᠢᠭᠤᠯᠤᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠢ ᠪᠠᠶᠠᠷᠯᠠᠨ ᠤᠭᠲᠤᠬᠤ ᠰᠠᠶᠢᠨ ᠰᠠᠶᠢᠬᠠᠨ ᠠᠭᠤᠷ ᠠᠮᠢᠰᠬᠤᠯ ᠢ  ᠭᠦᠢᠴᠡᠳ ᠪᠣᠶ ᠪᠣᠯᠭᠠᠵᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠢ ᠠᠮᠵᠢᠯᠲᠠ ᠲᠠᠢ ᠳᠠᠭᠠᠭᠠᠨ ᠡᠷᠭᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ